ᠭᠠᠵᠠᠷ ᠬᠡᠷᠡᠭᠯᠡᠬᠦ ᠪᠠᠲᠤᠯᠠᠭ᠎ᠠ ᠶᠢ ᠤᠷᠢᠳᠴᠢᠯᠠᠨ ᠰᠦᠪᠡᠭᠴᠢᠯᠡᠵᠦ᠂ ᠡᠮᠦᠨ᠎ᠡ ᠨᠢ ᠶᠠᠪᠤᠭᠤᠯᠤᠨ᠎ᠠ
ᠨᠡᠶᠢᠲᠡᠯᠡᠭᠰᠡᠨ ᠴᠠᠭ᠄
2022/5/19
        2 ᠰᠠᠷ᠎ᠠ ᠶᠢᠨ 8᠎ ᠤ ᠡᠳᠦᠷ ᠡᠵᠡᠨ ᠬᠤᠷᠤᠭ᠎ᠠ ᠬᠤᠰᠢᠭᠤᠨ ᠤ ︽ᠭᠦᠶᠦᠵᠦ᠂ ᠠᠵᠢᠯᠯᠠᠵᠤ᠂ ᠡᠮᠦᠨ᠎ᠡ ᠨᠢ ᠶᠠᠪᠤᠬᠤ︾ ᠵᠢᠴᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ︽ᠵᠠᠭᠤᠨ ᠡᠳᠦᠷ ᠤᠨ ᠬᠠᠮᠲᠤᠷᠠᠭᠰᠠᠨ ᠳᠠᠶᠢᠯᠠᠯᠳᠤᠭᠠᠨ︾᠎ ᠤ ᠳᠠᠶᠢᠴᠢᠯᠠᠯᠲᠠ ᠶᠢᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠰᠢᠪᠲᠤᠯᠤᠯᠲᠠ ᠶᠢᠨ ᠪᠠᠶᠢᠳᠠᠯ ᠎ ᠢᠶᠠᠷ ᠡᠬᠢᠯᠡᠯᠲᠡ ᠪᠣᠯᠭᠠᠵᠤ᠂ ᠲᠡᠮᠡᠴᠡᠯ ᠤᠨ ᠳᠦᠷᠢ ᠪᠠᠶᠢᠳᠠᠯ ᠢᠶᠠᠷ ᠬᠠᠮᠲᠤᠷᠠᠭᠰᠠᠨ ᠳᠠᠶᠢᠯᠠᠯᠳᠤᠭᠠᠨ ᠬᠢᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠳᠤ ᠠᠩᠬᠠᠷᠤᠯ ᠢᠶᠠᠨ ᠲᠥᠪᠯᠡᠷᠡᠭᠦᠯᠵᠦ᠂ ᠭᠤᠤᠯᠳᠠᠯᠭ᠎ᠠ ᠲᠠᠢ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ᠂ ᠪᠠᠯᠠ ᠣᠷᠣᠭᠤᠯᠤᠯᠲᠠ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠬᠦ ᠠᠵᠢᠯ ᠢ ᠲᠠᠰᠤᠷᠠᠯᠲᠠ ᠥᠬᠡᠶ ᠳᠠᠬᠢᠨ ᠳᠠᠶᠢᠴᠢᠯᠠᠵᠤ᠂ ᠳᠠᠬᠢᠨ ᠪᠠᠶᠢᠷᠢᠯᠠᠭᠤᠯᠵᠤ᠂ ᠬᠠᠮᠤᠭ ᠤᠨ ᠶᠡᠭᠡ ᠡᠷᠴᠢ ᠵᠣᠷᠢᠭ ᠢᠶᠠᠷ ᠡᠭᠦᠷᠭᠡ ᠶᠢ ᠳᠠᠭᠠᠭᠤᠯᠵᠤ᠂ ᠬᠠᠷᠢᠭᠤᠴᠠᠯᠭ᠎ᠠ ᠶᠢ ᠡᠭᠦᠷᠭᠡᠯᠡᠪᠡ᠃      2 ᠳ᠋ᠤᠭᠠᠷ ᠰᠠᠷ᠎ᠠ ᠶᠢᠨ 9᠎ ᠤ ᠡᠳᠦᠷ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠸᠠᠩ ᠷᠦᠢ ᠰᠢᠤᠸᠠᠢ ᠪᠦᠯᠬᠦᠮ ᠳᠠᠭᠠᠭᠤᠯᠤᠨ᠂ ᠬᠠᠮᠢᠶ᠎ᠠ ᠪᠥᠬᠦᠶ ᠬᠤᠪᠢᠳᠠᠨ ᠬᠠᠮᠢᠶᠠᠷᠬᠤ ᠲᠣᠪᠴᠢᠶᠠᠨ ᠳᠠᠷᠤᠭ᠎ᠠ᠂ ᠪᠠᠶᠢᠭᠠᠯᠢ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠲᠠᠰᠤᠭ᠂ ᠣᠷᠣᠨ ᠵᠠᠶ ᠶᠢᠨ ᠲᠥᠯᠥᠪᠵᠢᠭᠦᠯᠭᠡ ᠶᠢᠨ ᠲᠠᠰᠤᠭ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠬᠡᠷᠡᠭᠴᠡᠭᠡ ᠶᠢ ᠬᠠᠮᠢᠶᠠᠷᠬᠤ ᠲᠠᠰᠤᠭ᠂ ᠨᠠᠷᠢᠨ ᠲᠥᠯᠥᠪᠵᠢᠭᠦᠯᠭᠡ ᠶᠢᠨ ᠲᠠᠰᠤᠭ᠂ ᠰᠤᠪᠤᠷᠭ᠎ᠠ ᠪᠠᠯᠭᠠᠰᠤᠨ ᠤ ᠪᠠᠶᠢᠭᠠᠯᠢ ᠎ ᠶᠢᠨ ᠡᠬᠢ ᠪᠠᠶᠠᠯᠢᠭ ᠤᠨ ᠭᠠᠵᠠᠷ ᠵᠡᠷᠭᠡ ᠬᠠᠮᠢᠶ᠎ᠠ ᠪᠥᠬᠦᠶ ᠲᠠᠰᠤᠭ ᠤᠨ ᠬᠠᠷᠢᠭᠤᠴᠠᠯᠭᠠᠲᠠᠨ ᠪᠠᠷ᠎ᠠ ᠪᠣᠯᠵᠣ᠂ ᠨᠢᠭᠡᠳᠦᠭᠡᠷ ᠹᠷᠣᠨᠲ ᠲᠤ ᠭᠦᠨᠵᠡᠭᠡᠶᠢᠷᠡᠨ᠂ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢᠨ ᠪᠠᠶᠢᠳᠠᠯ ᠢ ᠣᠶᠢᠯᠠᠭᠠᠬᠤ ᠶᠢᠨ ᠬᠠᠮᠲᠤ ᠲᠤᠬᠠᠶ ᠶᠢᠨ ᠲᠠᠯᠠᠪᠠᠶ ᠳᠤ ᠠᠵᠢᠯᠯᠠᠵᠤ ᠪᠠᠶᠢᠭᠠᠳ ᠣᠷᠣᠰᠢᠵᠤ ᠪᠠᠶᠢᠭ᠎ᠠ ᠠᠰᠠᠭᠤᠳᠠᠯ ᠢ ᠰᠢᠶᠳᠪᠦᠷᠢᠯᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号