ᠵᠠᠷᠯᠠᠯ
ᠨᠡᠶᠢᠲᠡᠯᠡᠭᠰᠡᠨ ᠴᠠᠭ᠄
2022/5/19
     ᠬᠦᠷᠢᠶᠡᠯᠡᠩ ᠲᠣᠭᠤᠷᠢᠭ ᠤᠨ ᠲᠥᠷᠥᠯ ᠵᠦᠶᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ ᠂ ᠣᠷᠣᠭᠤᠯᠤᠨ ᠠᠪᠴᠢᠷᠠᠬᠤ ᠲᠥᠷᠥᠯ ᠵᠦᠶᠯ ᠤᠨ ᠵᠢᠷᠤᠭ ᠲᠥᠯᠥᠪᠯᠡᠭᠡ ᠶᠢ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠠᠲᠤᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠵᠠᠰᠠᠭ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠠᠴᠠ ︽ᠵᠠᠰᠠᠭ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ︵ᠬᠤᠶᠠᠳᠤᠭᠠᠷ ᠵᠠᠮ ᠤᠨ ᠵᠡᠭᠦᠨ᠂ ᠳᠥᠷᠪᠡᠳᠦᠭᠡᠷ ᠵᠠᠮ ᠤᠨ ᠪᠠᠷᠠᠭᠤᠨ᠂ ᠥᠷᠭᠡᠷᠢᠭ ᠵᠠᠮ ᠤᠨ ᠡᠮᠦᠨ᠎ᠡ᠂ ᠥᠷᠭᠡᠷᠢᠭ ᠵᠠᠮ ᠤᠨ ᠲᠠᠪᠤᠳᠤᠭᠠᠷ ᠵᠠᠮ ᠤᠨ ᠬᠤᠶᠢᠲᠤ ᠲᠠᠯ᠎ᠠ ᠳᠤ ᠬᠡᠷᠡᠭᠯᠡᠬᠦ ᠭᠠᠵᠠᠷ︶︾᠎ ᠶᠢ ᠵᠣᠬᠢᠶᠠᠨ ᠪᠠᠶᠢᠭᠤᠯᠵᠤ ᠨᠠᠶᠢᠷᠠᠭᠤᠯᠤᠨ ᠵᠣᠬᠢᠶᠠᠪᠠ᠂ ᠣᠳᠣᠬᠠᠨ ᠳᠤ ᠲᠣᠰ ᠡᠵᠡᠮᠳᠡᠯ ᠤᠨ ᠲᠥᠯᠥᠪᠵᠢᠭᠦᠯᠭᠡ ᠶᠢᠨ ᠠᠩᠬ᠎ᠠ ᠠᠯᠬᠤᠮ ᠤᠨ ᠦᠷ᠎ᠡ ᠪᠦᠲᠦᠭᠡᠯ ᠢ ᠨᠢᠭᠡᠨᠲᠡ ᠲᠤᠰᠬᠠᠶ ᠮᠡᠷᠭᠡᠵᠢᠯᠲᠡᠨ ᠨᠤᠲᠠᠯᠠᠭᠰᠠᠨ ᠤ ᠳᠠᠷᠠᠭ᠎ᠠ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ ᠵᠡᠷᠭᠡ ᠬᠠᠮᠢᠶ᠎ᠠ ᠪᠥᠬᠦᠶ ᠲᠣᠭᠲᠠᠭᠠᠯ ᠢ ᠦᠨᠳᠦᠰᠦᠯᠡᠨ᠂ ᠲᠣᠰ ᠭᠠᠵᠠᠷ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠣᠲᠣ ᠵᠠᠷᠯᠠᠨ ᠨᠡᠶᠢᠲᠡᠯᠡᠶ᠎ᠡ᠂ ᠪᠣᠳᠠᠲᠠᠶ ᠪᠠᠷ ᠳᠣᠤᠷᠠᠬᠢ ᠮᠡᠲᠦ᠄      ᠲᠥᠯᠥᠪᠵᠢᠭᠦᠯᠭᠡ ᠶᠢᠨ ᠬᠦᠷᠢᠶ᠎ᠡ ᠬᠡᠪᠴᠢᠶ᠎ᠡ᠄ ᠵᠠᠰᠠᠭ ᠡᠳ᠋ ᠪᠠᠷᠠᠭᠠᠨ ᠤ ᠭᠦᠢᠯᠭᠡᠭᠡᠨ ᠤ ᠲᠣᠭᠤᠷᠢᠭ ᠤᠨ ᠳᠤᠮᠳᠠ ᠬᠡᠰᠡᠭ᠂ ᠬᠤᠶᠠᠳᠤᠭᠠᠷ ᠵᠠᠮ ᠤᠨ ᠵᠡᠭᠦᠨ᠂ ᠥᠷᠭᠡᠷᠢᠭ ᠳᠥᠷᠪᠡᠳᠦᠭᠡᠷ ᠵᠠᠮ ᠤᠨ ᠪᠠᠷᠠᠭᠤᠨ ︵ᠵᠠᠢ ᠬᠠ ᠱᠤᠭᠤᠮ︶᠂ ᠥᠷᠭᠡᠷᠢᠭ ᠳᠥᠷᠪᠡᠳᠦᠭᠡᠷ ᠵᠠᠮ ᠤᠨ ᠡᠮᠦᠨ᠎ᠡ᠂ ᠥᠷᠭᠡᠷᠢᠭ ᠲᠠᠪᠤᠳᠤᠭᠠᠷ ᠵᠠᠮ ᠤᠨ ᠬᠤᠶᠢᠲᠤ ᠲᠠᠯ᠎ᠠ ᠳᠤ ᠬᠡᠷᠡᠭᠯᠡᠬᠦ ᠭᠠᠵᠠᠷ  ᠃      ᠲᠥᠯᠥᠪᠵᠢᠭᠦᠯᠭᠡ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ᠄ ᠡᠮᠦᠨᠡᠰᠢ ᠤᠮᠠᠷᠠᠰᠢ ᠶᠢᠨ ᠤᠷᠲᠤ ᠎ ᠨᠢ ᠪᠠᠷᠤᠭ 780 ᠮᠧᠲᠷ᠂ ᠵᠡᠭᠦᠨᠰᠢ ᠪᠠᠷᠠᠭᠤᠨᠰᠢ ᠶᠢᠨ ᠥᠷᠭᠡᠨ ᠨᠢ ᠪᠠᠷᠤᠭ 560 ᠮᠧᠲᠷ᠂ ᠲᠥᠯᠥᠪᠵᠢᠭᠦᠯᠭᠡ ᠶᠢᠨ ᠶᠡᠷᠦᠩᠬᠡᠶ ᠬᠡᠷᠡᠭᠯᠡᠬᠦ ᠭᠠᠵᠠᠷ ᠤᠨ ᠲᠠᠯᠠᠪᠠᠶ ᠨᠢ ᠪᠠᠷᠤᠭ 38 . 8189 ᠾᠧᠺᠲ᠋ᠠᠷ ᠪᠣᠯᠤᠨ᠎ᠠ  ᠃      ᠢᠯᠡ ᠨᠡᠶᠢᠲᠡᠯᠡᠬᠦ ᠬᠤᠭᠤᠴᠠᠭ᠎ᠠ᠄ 2022 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ 2022 ᠣᠨ ᠎ ᠤ 2 ᠳ᠋ᠤᠭᠠᠷ ᠰᠠᠷ᠎ᠠ ᠶᠢᠨ 12᠎ ᠤᠨ ᠡᠳᠦᠷ᠂ 30 ᠡᠳᠦᠷ  ᠃      ᠵᠠᠷᠯᠠᠨ ᠨᠡᠶᠢᠲᠡᠯᠡᠬᠦ ᠬᠤᠭᠤᠴᠠᠭᠠᠨ ᠳᠤ᠂ ᠬᠤᠯᠪᠣᠭᠳᠠᠯ ᠪᠥᠬᠦᠶ ᠨᠢᠭᠡᠴᠢ ᠪᠤᠶᠤ ᠬᠤᠪᠢ ᠬᠥᠮᠦᠨ ᠲᠣᠰ ᠲᠥᠯᠥᠪᠵᠢᠭᠦᠯᠭᠡ ᠳᠤ ᠶᠠᠮᠠᠷ ᠰᠠᠨᠠᠯ ᠪᠤᠶᠤ ᠰᠠᠨᠠᠭᠤᠯᠭ᠎ᠠ ᠪᠠᠶᠢᠪᠠᠯ ᠡᠵᠡᠨ ᠬᠤᠷᠤᠭ᠎ᠠ ᠬᠤᠰᠢᠭᠤᠨ ᠤ ᠵᠠᠰᠠᠭ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠶᠡᠷᠦᠩᠬᠡᠶᠢᠯᠡᠭᠰᠡᠨ ᠬᠡᠯᠲᠡᠰ ᠲᠠᠢ ᠬᠠᠷᠢᠯᠴᠠᠵᠤ ᠲᠤᠰᠬᠠᠵᠤ ᠪᠣᠯᠤᠨ᠎ᠠ  ᠃      ᠬᠠᠷᠢᠯᠴᠠᠬᠤ ᠤᠲᠠᠰᠤ᠄ 0477-8962113      ᠬᠠᠶ᠋ᠢᠭ᠄ ᠡᠵᠡᠨ ᠬᠤᠷᠤᠭ᠎ᠠ ᠬᠤᠰᠢᠭᠤᠨ ᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠮᠣ ᠠᠰᠠᠷ ᠤᠨ 9 ᠳ᠋ᠦ᠋ᠭᠡᠷ ᠲᠠᠪᠬᠤᠷᠭ᠎ᠠ ᠶᠢᠨ 9007 ᠥᠷᠥᠭᠡ ( 017200 )        ᠡᠵᠡᠨ ᠬᠤᠷᠤᠭ᠎ᠠ ᠬᠤᠰᠢᠭᠤᠨ ᠤ ᠵᠠᠰᠠᠭ ᠡᠳ᠋ ᠪᠠᠷᠠᠭᠠᠨ ᠤ ᠭᠦᠶᠯᠭᠡᠭᠡᠨ ᠤ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ          2022 ᠣᠨ ᠤ 1 ᠳ᠋ᠦ᠋ᠭᠡᠷ ᠰᠠᠷ᠎ᠠ ᠶᠢᠨ 14᠎ ᠤ ᠡᠳᠦᠷ
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号