ᠡᠵᠡᠨ ᠬᠤᠷᠤᠭ᠎ᠠ ᠬᠤᠰᠢᠭᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠪᠠ
ᠨᠡᠶᠢᠲᠡᠯᠡᠭᠰᠡᠨ ᠴᠠᠭ᠄
2022/5/19
       ᠨᠢᠭᠡ ᠳᠤ᠂ ᠮᠠᠨ ᠤ ᠬᠤᠰᠢᠭᠤᠨ ᠤ ᠬᠠᠷᠢᠶᠠᠲᠤ ᠣᠷᠣᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠎ ᠶᠢᠨ ᠪᠠᠶᠢᠭᠤᠯᠤᠮᠵᠢ 5 ᠪᠠᠶᠢᠵᠤ  ︵ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠪᠠᠭᠲᠠᠨ᠎ᠠ︶᠂ ᠡᠳᠦᠷ ᠤᠨ ᠬᠠᠮᠤᠭ ᠤᠨ ᠶᠡᠭᠡ ᠰᠢᠯᠭᠠᠨ ᠪᠠᠶᠢᠴᠠᠭᠠᠯᠲᠠ ᠶᠢᠨ ᠴᠢᠳᠠᠪᠤᠷᠢ 73600 ᠬᠥᠮᠦᠨ ( 1᠄ 10 )᠂ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠥᠬᠡᠬᠤᠲᠠ ᠶᠢᠨ ᠳ᠋ᠢ ᠠᠨ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠭᠠᠵᠠᠷ ᠲᠠᠢ ᠭᠡᠷ᠎ᠡ ᠲᠣᠭᠲᠠᠵᠤ᠂ ᠪᠠᠴᠢᠮ ᠪᠠᠶᠢᠳᠠᠯ ᠳᠣᠤᠷ᠎ᠠ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠯᠲᠠ ᠶᠢ ᠡᠬᠢᠯᠡᠭᠦᠯᠪᠡᠯ᠂ ᠡᠳᠦᠷ ᠤᠨ ᠬᠠᠮᠤᠭ ᠤᠨ ᠶᠡᠭᠡ ᠰᠢᠯᠭᠠᠨ ᠪᠠᠶᠢᠴᠠᠭᠠᠯᠲᠠ ᠶᠢᠨ ᠬᠡᠮᠵᠢᠶ᠎ᠡ 273600 ᠬᠥᠮᠦᠨ ᠳᠤ ᠬᠦᠷᠴᠦ ᠪᠣᠯᠤᠨ᠎ᠠ᠃      ᠬᠤᠶᠠᠷ ᠲᠤ᠂ ᠮᠠᠨ ᠤ ᠵᠥᠪᠯᠡᠯ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠶᠡᠭᠡ ᠪᠠᠷ ᠠᠬᠢᠭᠤᠯᠬᠤ ᠶᠠᠪᠤᠴᠠ ᠳᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠬᠤᠯᠠᠴᠢᠯᠠᠵᠤ᠂ ᠠᠮᠢᠳᠤ ᠪᠣᠳᠠᠰ ᠤᠨ ᠠᠮᠤᠷ ᠲᠦᠪᠰᠢᠨ ᠪᠠ ᠶᠠᠰᠤ ᠴᠢᠨᠠᠷ ᠢ ᠡᠵᠡᠮᠳᠡᠬᠦ ᠣᠯᠠᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠪᠠᠶᠢᠭᠤᠯᠵᠤ᠂ 2022 ᠣᠨ ᠤ 1 ᠰᠠᠷ᠎ᠠ ᠶᠢᠨ 18᠎ ᠤ ᠡᠳᠦᠷ ᠠᠴᠠ 22᠎ ᠤᠨ ᠡᠳᠦᠷ ᠤᠨ ᠬᠤᠭᠤᠷᠣᠨᠳᠣ ᠪᠥᠬᠦ ᠬᠤᠰᠢᠭᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠪᠠ ᠥᠯᠢᠭᠡᠷ ᠠᠪᠬᠤ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠠᠶᠢᠭᠤᠯᠤᠮᠵᠢ ᠶᠢᠨ ᠥᠯᠢᠭᠡᠷ ᠠᠪᠬᠤ᠂ ᠰᠢᠯᠭᠠᠨ ᠪᠠᠶᠢᠴᠠᠭᠠᠬᠤ ᠶᠢ ᠵᠢᠷᠤᠮᠵᠢᠭᠤᠯᠬᠤ ᠶᠢ ᠵᠢᠯᠣᠭᠤᠳᠪᠠ᠃      ᠭᠤᠷᠪᠠ ᠳᠤ᠂ ᠮᠠᠨ ᠤ ᠬᠤᠰᠢᠭᠤ ᠨᠢ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ 24 ᠴᠠᠭ ᠤᠨ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠠᠵᠢᠯ ᠢ ᠬᠠᠩᠭᠠᠵᠤ᠂ ᠮᠠᠨ ᠤ ᠬᠤᠰᠢᠭᠤᠨ ᠤ 4 ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠡᠳᠦᠷ ᠲᠤ 5 ᠠᠳᠠᠯᠢ ᠪᠤᠰᠤ ᠴᠠᠭ ᠬᠤᠭᠤᠴᠠᠭ᠎ᠠ ᠬᠤᠪᠢᠶᠠᠨ ᠪᠠᠶᠢᠴᠠᠭᠠᠨ ᠰᠢᠯᠭᠠᠵᠤ᠂ ᠮᠠᠨ ᠤ ᠬᠤᠰᠢᠭᠤ ᠨᠢ ᠡᠳᠦᠷ ᠪᠦᠷᠢ 4000 ᠬᠤᠪᠢ ᠣᠷᠴᠢᠮ ᠪᠠᠶᠢᠴᠠᠭᠠᠨ ᠰᠢᠯᠭᠠᠵᠤ᠂ ᠰᠤᠷᠤᠯᠭ᠎ᠠ ᠪᠠᠨ ᠰᠡᠷᠭᠦᠭᠡᠬᠦ᠂ ᠠᠵᠢᠯ ᠢᠶᠠᠨ ᠰᠡᠷᠭᠦᠭᠡᠬᠦ᠂ ᠦᠶᠯᠡᠳᠪᠦᠷᠢᠯᠡᠯ ᠢᠶᠠᠨ ᠰᠡᠷᠭᠦᠭᠡᠬᠦ ᠵᠡᠷᠭᠡ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠢᠯᠭᠠᠬᠤ ᠳᠤ ᠴᠠᠭ ᠲᠤᠬᠠᠶ ᠳᠤᠨᠢ ᠪᠠᠶᠢᠴᠠᠭᠠᠨ ᠰᠢᠯᠭᠠᠬᠤ ᠪᠠᠲᠤᠯᠠᠭ᠎ᠠ ᠬᠠᠩᠭᠠᠬᠤ ᠶᠢᠨ ᠬᠠᠮᠲᠤ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾᠂ ︽ᠴᠠᠭ ᠲᠤᠨᠢ ᠲᠣᠬᠢᠷᠠᠭᠤᠯᠤᠨ ᠰᠤᠭᠤᠴᠢᠨ ᠪᠠᠶᠢᠴᠠᠭᠠᠬᠤ︾᠂ ︽ᠪᠠᠶᠢᠴᠠᠭᠠᠬᠤ ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠳᠥᠷᠪᠡ ᠳᠤ᠂ ᠶᠡᠭᠡ ᠬᠡᠪᠴᠢᠶᠡᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠨ ᠪᠦᠰᠡ ᠶᠢᠨ ᠵᠦᠶ ᠵᠣᠬᠢᠰᠲᠠᠶ ᠪᠠᠶᠢᠷᠢᠯᠠᠭᠤᠯᠤᠯᠲᠠ ᠶᠣᠰᠣᠭᠠᠷ ᠥᠯᠢᠭᠡᠷ ᠠᠪᠬᠤ ᠴᠡᠭ ᠭᠠᠷᠭᠠᠵᠤ᠂ ᠥᠯᠢᠭᠡᠷ ᠠᠪᠬᠤ ᠴᠡᠭ ᠨᠢᠭᠡᠪᠦᠷᠢ ᠳᠤ ᠬᠥᠮᠦᠨ ᠠᠮᠠ ᠶᠢᠨ ᠣᠷᠣᠨ ᠰᠠᠭᠤᠴᠠ ᠶᠢᠨ ᠬᠡᠮᠵᠢᠶ᠎ᠡ ᠶᠢ ᠦᠨᠳᠦᠰᠦᠯᠡᠨ ᠥᠯᠢᠭᠡᠷ ᠠᠪᠬᠤ ᠲᠠᠶᠢᠰᠠ ᠶᠢ ᠵᠦᠶ ᠵᠣᠬᠢᠰᠲᠠᠶ ᠪᠠᠶᠢᠷᠢᠯᠠᠭᠤᠯᠵᠤ᠂ ᠮᠠᠨ ᠤ ᠬᠤᠰᠢᠭᠤᠨ ᠤ 7 ᠪᠠᠯᠭᠠᠰᠤᠨ ᠳᠤ ᠨᠡᠶᠢᠲᠡ 163 ᠥᠯᠢᠭᠡᠷ ᠠᠪᠬᠤ ᠴᠡᠭ᠂ 254 ᠥᠯᠢᠭᠡᠷ ᠠᠪᠬᠤ ᠲᠠᠶᠢᠰᠠ ᠭᠠᠷᠭᠠᠵᠤ᠂ 513 ᠥᠯᠢᠭᠡᠷ ᠠᠪᠬᠤ ᠠᠵᠢᠯᠲᠠᠨ᠂ 631 ᠮᠡᠳᠡᠭᠡ ᠵᠠᠩᠭᠢ ᠣᠷᠣᠭᠤᠯᠬᠤ ᠠᠵᠢᠯᠲᠠᠨ᠂ 272 ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ 281 ᠡᠮᠬᠢ ᠵᠢᠷᠤᠮ ᠢ ᠬᠠᠮᠠᠭᠠᠯᠠᠬᠤ ᠵᠢᠴᠢ ᠰᠠᠶᠢᠨ ᠳᠤᠷ᠎ᠠ ᠶᠢᠨ ᠠᠵᠢᠯᠯᠠᠭᠴᠢ᠂ 80 ᠲᠡᠷᠭᠡ  ︵ᠡᠭᠦᠨ ᠳᠤ ᠪᠡᠯᠡᠳᠬᠡᠯ ᠲᠡᠷᠭᠡ 12 ᠪᠣᠶ︶᠂ 80 ᠥᠯᠢᠭᠡᠷ ᠡᠳ᠋ ᠬᠠᠮᠠᠭᠠᠯᠠᠨ ᠬᠦᠷᠭᠡᠬᠦ ᠠᠵᠢᠯᠲᠠᠨ ᠲᠠᠢ  ᠃ ᠪᠦᠬᠦ ᠬᠥᠮᠦᠰ ᠲᠤ ᠪᠣᠳᠠᠲᠠᠶ ᠪᠣᠯᠪᠠᠰᠤᠷᠠᠯ ᠬᠢᠵᠦ᠂ ᠬᠥᠮᠦᠰ ᠢ ᠨᠢᠭᠡ ᠨᠢᠭᠡ ᠪᠠᠷ ᠲᠣᠬᠢᠷᠠᠭᠤᠯᠤᠨ ᠨᠠᠶᠢᠳᠠᠪᠤᠷᠢᠵᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号