2021 ᠣᠨ ᠤ 1 - 12 ᠰᠠᠷ᠎ᠠ ᠳᠤ ᠡᠵᠡᠨ ᠬᠤᠷᠤᠭ᠎ᠠ ᠬᠤᠰᠢᠭᠤᠨ ᠳᠠᠬᠢ ᠨᠡᠭᠦᠷᠡᠰᠦᠨ ᠤ ᠭᠠᠷᠤᠯᠲᠠ᠂ ᠪᠣᠷᠣᠯᠠᠭᠤᠯᠭ᠎ᠠ ᠶᠢᠨ ᠬᠡᠮᠵᠢᠶ᠎ᠡ ᠵᠢᠴᠢ ᠦᠨ᠎ᠡ ᠬᠠᠩᠰᠢ ᠶᠢᠨ ᠪᠠᠶᠢᠳᠠᠯ
ᠨᠡᠶᠢᠲᠡᠯᠡᠭᠰᠡᠨ ᠴᠠᠭ᠄
2022/5/19
       ᠨᠢᠭᠡ᠂ ᠨᠡᠭᠦᠷᠡᠰᠦᠨ ᠤ ᠦᠢᠯᠡᠳᠪᠦᠷᠢᠯᠡᠯ      1 - 12 ᠰᠠᠷ᠎ᠠ ᠳᠤ᠂ ᠪᠥᠬᠦ ᠬᠤᠰᠢᠭᠤ 1.93 ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠶᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠠᠴᠠ 339 ᠲᠣᠨ ᠥᠰᠴᠦ᠂ 1.8 %᠎ ᠪᠠᠷ ᠨᠡᠮᠡᠭᠳᠡᠪᠡ︔ ᠡᠭᠦᠨ ᠳᠤ ᠱᠧᠨ ᠳ᠋ᠦᠩ ᠺᠣᠮᠫᠠᠨᠢ 7492 ᠲᠦᠮᠡᠨ ᠲᠣᠨ ᠨᠡᠭᠦᠷᠡᠰᠦ ᠦᠶᠯᠡᠳᠪᠦᠷᠢᠯᠡᠵᠦ᠂ ᠠᠳᠠᠯᠢ ᠬᠤᠭᠤᠴᠠᠭᠠᠨ ᠎ ᠤ ᠬᠢ ᠠᠴᠠ 48 ᠲᠦᠮᠡᠨ ᠲᠣᠨ ᠥᠰᠴᠦ᠂ 0.6 %᠎ ᠪᠠᠷ ᠪᠠᠭᠤᠷᠠᠪᠠ︔ ᠣᠷᠣᠨ ᠨᠤᠲᠤᠭ ᠤᠨ ᠨᠡᠭᠦᠷᠡᠰᠦᠨ ᠠᠭᠤᠷᠬᠠᠶ 1.2 ᠳ᠋ᠦᠩᠰᠢᠭᠤᠷ ᠲᠣᠨ ᠲᠦᠭᠦᠬᠡᠶ ᠨᠡᠭᠦᠷᠡᠰᠦ ᠦᠶᠯᠡᠳᠪᠦᠷᠢᠯᠡᠵᠦ᠂ ᠠᠳᠠᠯᠢ ᠬᠤᠭᠤᠴᠠᠭᠠᠨ ᠤ ᠬᠢ ᠎ ᠠᠴᠠ 291 ᠲᠦᠮᠡᠨ ᠲᠣᠨ ᠥᠰᠴᠦ᠂ 2.5 %᠎ ᠪᠠᠷ ᠨᠡᠮᠡᠭᠳᠡᠪᠡ᠃     ᠬᠤᠶᠠᠷ᠂ ᠨᠡᠭᠦᠷᠡᠰᠦ ᠪᠣᠷᠣᠯᠠᠭᠤᠯᠬᠤ     1 - 12 ᠰᠠᠷ᠎ᠠ ᠳᠤ᠂ ᠪᠥᠬᠦ ᠬᠤᠰᠢᠭᠤ 1.88 ᠳ᠋ᠦᠩᠰᠢᠭᠤᠷ ᠲᠣᠨ ᠲᠦᠭᠦᠬᠡᠶ ᠨᠡᠭᠦᠷᠡᠰᠦ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 388 ᠲᠦᠮᠡᠨ ᠲᠣᠨ ᠥᠰᠴᠦ᠂ 2 %᠎ ᠢᠶᠠᠷ ᠨᠡᠮᠡᠭᠳᠡᠪᠡ︔ ᠡᠭᠦᠨ ᠳᠤ ᠱᠧᠨ ᠳ᠋ᠦᠩ ᠺᠣᠮᠫᠠᠨᠢ 7492 ᠲᠦᠮᠡᠨ ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 48 ᠲᠦᠮᠡᠨ ᠲᠣᠨ ᠨᠡᠮᠡᠭᠳᠡᠵᠦ᠂ 1%᠎ ᠪᠠᠷ ᠨᠡᠮᠡᠭᠳᠡᠪᠡ︔ ᠣᠷᠣᠨ ᠨᠤᠲᠤᠭ ᠤᠨ ᠨᠡᠭᠦᠷᠡᠰᠦᠨ ᠠᠭᠤᠷᠬᠠᠶ 1.13 ᠳ᠋ᠦᠩᠰᠢᠭᠤᠷ ᠲᠣᠨ ᠪᠣᠷᠣᠯᠠᠭᠤᠯᠵᠤ᠂ ᠠᠳᠠᠯᠢ ᠬᠤᠭᠤᠴᠠᠭᠠᠨ ᠤ ᠬᠢ ᠠᠴᠠ 341 ᠲᠦᠮᠡᠨ ᠲᠣᠨ ᠨᠡᠮᠡᠭᠳᠡᠵᠦ᠂ 3 %᠎ ᠪᠠᠷ ᠨᠡᠮᠡᠭᠳᠡᠪᠡ᠃     ᠭᠤᠷᠪᠠ᠂ ᠨᠡᠭᠦᠷᠡᠰᠦᠨ ᠤ ᠦᠨ᠎ᠡ        1 - 12 ᠰᠠᠷ᠎ᠠ ᠶᠢᠨ ᠰᠡᠭᠦᠯᠴᠢ ᠪᠣᠯᠲᠠᠯ᠎ᠠ᠂ ᠮᠠᠨ ᠤ ᠬᠤᠰᠢᠭᠤᠨ ᠤ ᠨᠡᠭᠦᠷᠡᠰᠦᠨ ᠤ ᠳᠤᠮᠳᠠᠴᠢ ᠦᠨ᠎ᠡ ᠲᠣᠨ ᠪᠦᠷᠢ ᠳᠡᠭᠡᠨ 736 ᠲᠥᠭᠦᠷᠢᠭ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ ᠲᠣᠨ ᠪᠦᠷᠢ ᠎ ᠳᠡᠭᠡᠨ 307 ᠲᠥᠭᠦᠷᠢᠭ ᠥᠰᠴᠦ᠂ ᠠᠳᠠᠯᠢ ᠬᠤᠭᠤᠴᠠᠭᠠᠨ ᠤ ᠬᠢ ᠠᠴᠠ 72 %᠎ ᠢᠶᠠᠷ ᠨᠡᠮᠡᠭᠳᠡᠪᠡ︔ ᠬᠡᠰᠡᠭ ᠨᠡᠭᠦᠷᠡᠰᠦ 887 ᠲᠥᠭᠦᠷᠢᠭ ᠲᠣᠨ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 412 ᠲᠥᠭᠦᠷᠢᠭ ᠲᠣᠨ ᠥᠰᠴᠦ᠂ ᠠᠳᠠᠯᠢ ᠬᠤᠭᠤᠴᠠᠭᠠᠨ ᠤ ᠬᠢ ᠠᠴᠠ 87 %᠎ ᠪᠠᠷ ᠨᠡᠮᠡᠭᠳᠡᠪᠡ︔ ᠨᠡᠭᠦᠷᠡᠰᠦ 558 ᠲᠥᠭᠦᠷᠢᠭ ᠲᠣᠨ ᠪᠣᠯᠵᠣ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 209 ᠲᠥᠭᠦᠷᠢᠭ ᠲᠣᠨ ᠥᠰᠴᠦ᠂ ᠠᠳᠠᠯᠢ ᠬᠤᠭᠤᠴᠠᠭᠠᠨ ᠤ ᠬᠢ ᠠᠴᠠ 60 %᠎ ᠪᠠᠷ ᠨᠡᠮᠡᠭᠳᠡᠪᠡ︔ ᠨᠤᠨᠲᠠᠭ ᠨᠡᠭᠦᠷᠡᠰᠦ 731 ᠲᠥᠭᠦᠷᠢᠭ ᠲᠣᠨ᠂ ᠨᠢᠳᠤᠨᠤᠨ ᠎ ᠤ ᠠᠳᠠᠯᠢ ᠬᠤᠭᠤᠴᠠᠭᠠᠨ ᠠᠴᠠ 298 ᠲᠥᠭᠦᠷᠢᠭ ᠲᠣᠨ ᠥᠰᠴᠦ᠂ ᠠᠳᠠᠯᠢ ᠬᠤᠭᠤᠴᠠᠭᠠᠨ ᠠᠴᠠ 69 ᠨᠡᠮᠡᠭᠳᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号