ᠴᠠᠬᠢᠯᠭᠠᠨ ᠬᠤᠯᠪᠣᠭᠠᠨ ᠤ ᠮᠡᠬᠡᠯᠡᠯ ᠢ ᠬᠡᠷᠬᠢᠨ ᠰᠡᠷᠭᠡᠶᠢᠯᠡᠬᠦ ᠪᠣᠶ︖
ᠨᠡᠶᠢᠲᠡᠯᠡᠭᠰᠡᠨ ᠴᠠᠭ᠄
2022/5/19
    ᠨᠢᠭᠡ ᠳᠤ ᠬᠤᠪᠢ ᠬᠥᠮᠦᠨ ᠤ ᠮᠡᠳᠡᠭᠡ ᠵᠠᠩᠭᠢ ᠶᠢ ᠰᠠᠶᠢᠲᠤᠷ ᠬᠠᠮᠠᠭᠠᠯᠠᠨ᠎ᠠ᠃ ᠬᠤᠪᠢ ᠬᠥᠮᠦᠨ ᠤ ᠮᠡᠳᠡᠭᠡ ᠵᠠᠩᠭᠢ ᠪᠠᠨ ᠪᠤᠰᠤᠳ ᠲᠤ ᠳᠤᠷ᠎ᠠ ᠪᠠᠷ ᠢᠶᠠᠨ ᠵᠠᠳᠠᠷᠠᠭᠤᠯᠬᠤ ᠪᠤᠶᠤ ᠨᠡᠶᠢᠭᠡᠮ ᠤᠨ ᠬᠠᠷᠢᠯᠴᠠᠭᠠᠨ ᠤ ᠰᠦᠯᠵᠢᠶᠡᠨ ᠳᠤ ᠢᠯᠡ ᠪᠠᠷ ᠨᠡᠶᠢᠲᠡᠯᠡᠵᠦ ᠪᠣᠯᠬᠤ ᠥᠬᠡᠶ᠃      ᠬᠤᠶᠠᠷ ᠲᠤ ᠬᠢᠮᠳᠠ ᠳᠤ ᠳᠤᠷᠠᠯᠠᠬᠤ ᠦᠭᠡᠢ᠃ ᠨᠥᠬᠦᠴᠡᠯ ᠨᠢ ᠬᠡᠲᠦᠷᠬᠡᠶ ᠬᠥᠮᠦᠨ ᠢ ᠲᠠᠲᠠᠬᠤ ᠦᠶᠡᠰ᠂ ᠦᠷᠭᠦᠯᠵᠢ ᠰᠣᠨᠣᠷ ᠰᠡᠷᠡᠮᠵᠢ ᠪᠠᠨ ᠳᠡᠭᠡᠭᠰᠢᠯᠡᠭᠦᠯᠬᠦ ᠬᠡᠷᠡᠭᠲᠡᠶ᠃      ᠭᠤᠷᠪᠠ ᠳᠤ᠂ ︽ᠪᠠᠲᠤᠯᠠᠭ᠎ᠠ ᠶᠢᠨ ᠮᠥᠩᠭᠦ ᠥᠭᠬᠦ︾᠂ ︽ᠵᠣᠭᠤᠰ ᠥᠭᠬᠦ︾ ᠵᠡᠷᠭᠡ ᠵᠣᠭᠤᠰ ᠥᠭᠬᠦ ᠱᠠᠭᠠᠷᠳᠠᠯᠭ᠎ᠠ ᠳᠤ ᠬᠤᠯᠪᠣᠭᠳᠠᠪᠠᠯ᠂ ᠡᠷᠬᠡᠪᠰᠢ ᠢᠯᠡᠭᠦᠬᠡᠨ ᠬᠢᠨᠠᠨ ᠬᠠᠷᠭᠤᠭᠤᠯᠬᠤ ᠬᠡᠷᠡᠭᠲᠡᠶ᠂ ᠨᠥᠭᠦᠭᠡ ᠡᠲᠡᠭᠡᠳ ᠤᠨ ᠎ ᠢᠶᠠᠨ ᠱᠠᠭᠠᠷᠳᠠᠯᠭ᠎ᠠ ᠶᠣᠰᠣᠭᠠᠷ ᠳᠤᠷ᠎ᠠ ᠪᠠᠷ ᠢᠶᠠᠨ ᠲᠠᠩᠰᠠ ᠰᠢᠯᠵᠢᠭᠦᠯᠬᠦ ᠠᠵᠢᠯᠯᠠᠭ᠎ᠠ ᠬᠢᠵᠦ ᠪᠣᠯᠬᠤ ᠥᠬᠡᠶ᠂ ᠮᠡᠬᠡᠯᠡᠭᠳᠡᠬᠦ ᠠᠴᠠ ᠵᠠᠶᠢᠯᠠᠰᠬᠢᠬᠦ ᠬᠡᠷᠡᠭᠲᠡᠶ᠃      ᠳᠥᠷᠪᠡ ᠳᠤ ᠰᠠᠶᠢᠨ ᠰᠠᠶᠢᠬᠠᠨ ᠬᠡᠷᠡᠭᠯᠡᠭᠡᠨ ᠤ ᠳᠠᠳᠬᠠᠯ ᠢ ᠬᠥᠮᠦᠵᠢᠭᠦᠯᠦᠨ᠎ᠡ᠃ ᠣᠶᠤᠨᠴᠢ ᠪᠠᠷ ᠬᠡᠷᠡᠭᠯᠡᠭᠡ ᠬᠢᠵᠦ᠂ ᠠᠳᠠᠯᠢᠳᠬᠠᠬᠤ ᠶᠢ ᠲᠡᠪᠴᠢᠵᠦ᠂ ᠡᠳ᠋ ᠤᠨ ᠶᠠᠪᠤᠳᠠᠯ ᠢ ᠵᠣᠬᠢᠰᠲᠠᠶ ᠬᠠᠮᠢᠶᠠᠷᠬᠤ ᠬᠡᠷᠡᠭᠳᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号