ᠡᠵᠡᠨ ᠬᠤᠷᠤᠭ᠎ᠠ ᠬᠤᠰᠢᠭᠤᠨ ᠤ ᠰᠢᠨ᠎ᠡ ᠡᠨᠧᠷᠭᠢ ᠶᠢᠨ ᠠᠵᠤ ᠦᠶᠯᠡᠰ ᠤᠨ ᠰᠢᠪᠲᠤᠯᠤᠯᠲᠠ᠂ ᠬᠡᠯᠪᠡᠷᠢ ᠎ ᠪᠠᠨ ᠬᠤᠪᠢᠷᠠᠭᠤᠯᠤᠨ ᠬᠥᠭᠵᠢᠭᠦᠯᠵᠤ ᠪᠠᠶᠢᠨ᠎ᠠ
ᠨᠡᠶᠢᠲᠡᠯᠡᠭᠰᠡᠨ ᠴᠠᠭ᠄
2022/5/19
     ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ᠄ ᠰᠠᠯᠬᠢᠨ ᠬᠦᠴᠦ ᠪᠠᠷ ᠴᠠᠬᠢᠯᠭᠠᠨ ᠭᠠᠷᠭᠠᠬᠤ᠂ ᠬᠡᠷᠡᠯ ᠴᠡᠨᠡᠭ ᠵᠡᠷᠭᠡ ᠰᠢᠨ᠎ᠡ ᠡᠨᠧᠷᠭᠢ ᠶᠢ ᠶᠡᠭᠡ ᠬᠡᠪᠴᠢᠶ᠎ᠡ ᠪᠠᠷ ᠥᠨᠳᠥᠷ ᠬᠠᠷᠢᠴᠠᠯ ᠢᠶᠠᠷ ᠨᠡᠭᠡᠭᠡᠨ ᠠᠰᠢᠭᠯᠠᠬᠤ ᠶᠢ ᠪᠥᠬᠦ ᠬᠦᠴᠦᠨ ᠢᠶᠠᠷ ᠠᠬᠢᠭᠤᠯᠵᠤ᠂ ᠨᠢᠭᠡ ᠪᠦᠯᠦᠭ ᠮᠢᠩᠭᠠᠨ ᠲᠦᠮᠡᠨ ᠺᠢᠯᠣᠸᠠᠲ ᠤᠨ ᠲᠠᠰ ᠤᠨ ᠰᠢᠨ᠎ᠡ ᠡᠨᠧᠷᠭᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ᠪᠥᠬᠦ ᠤᠯᠤᠰ ᠲᠤ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠡᠨᠧᠷᠭᠢ ᠎ ᠶᠢᠨ ᠬᠠᠩᠭᠠᠯᠭ᠎ᠠ ᠶᠢᠨ ᠰᠢᠰᠲ᠋ᠧᠮ ᠢ ᠪᠠᠶᠢᠭᠤᠯᠵᠤ᠂ ᠡᠩ ᠲᠡᠷᠢᠭᠦᠨ ᠳᠤ ᠰᠢᠨ᠎ᠡ ᠡᠨᠧᠷᠭᠢ ᠪᠠᠷ ᠭᠤᠤᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠪᠠᠶᠢᠭᠤᠯᠵᠤ᠂ 2025 ᠣᠨ ᠪᠣᠯᠬᠤ ᠳᠤ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢᠨ ᠬᠡᠪᠴᠢᠶ᠎ᠡ ᠶᠢ ᠢᠯᠴᠢ ᠶᠢᠨ ᠴᠠᠬᠢᠯᠭᠠᠨ ᠤ ᠮᠠᠰᠢᠨ ᠴᠣᠭᠴᠠᠯᠠᠪᠤᠷᠢ ᠎ ᠶᠢᠨ ᠬᠡᠪᠴᠢᠶ᠎ᠡ ᠠᠴᠠ ᠳᠠᠪᠠᠭᠤᠯᠵᠤ᠂ 2030 ᠣᠨ ᠳᠤ ᠰᠢᠨ᠎ᠡ ᠡᠨᠧᠷᠭᠢ ᠶᠢᠨ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠶᠢ ᠢᠯᠴᠢ ᠶᠢᠨ ᠴᠠᠬᠢᠯᠭᠠᠨ ᠤ ᠴᠠᠬᠢᠯᠭᠠᠨ ᠭᠠᠷᠭᠠᠬᠤ ᠶᠡᠷᠦᠩᠬᠡᠶ ᠬᠡᠮᠵᠢᠶ᠎ᠡ ᠠᠴᠠ ᠳᠠᠪᠠᠭᠤᠯᠤᠨ᠎ᠠ ᠭᠡᠵᠦ ᠳᠤᠷᠠᠳᠪᠠ᠃      ᠬᠤᠲᠠ ᠶᠢᠨ ᠲᠠᠪᠤᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ᠄ ᠰᠢᠨ᠎ᠡ ᠡᠨᠧᠷᠭᠢ ᠪᠠᠷ ᠭᠤᠣᠯ ᠴᠣᠭᠴᠠ ᠪᠣᠯᠭᠠᠭᠰᠠᠨ ᠰᠢᠨ᠎ᠡ ᠬᠡᠯᠪᠡᠷᠢ ᠶᠢᠨ ᠴᠠᠬᠢᠯᠭᠠᠨ ᠬᠦᠴᠦᠨ ᠤ ᠰᠢᠰᠲ᠋ᠧᠮ ᠢ ᠲᠦᠷᠭᠡᠨ ᠪᠠᠶᠢᠭᠤᠯᠵᠤ᠂ ᠰᠢᠨ᠎ᠡ ᠡᠨᠧᠷᠭᠢ ᠶᠢᠨ ᠮᠠᠰᠢᠨ ᠴᠣᠭᠴᠠᠯᠠᠪᠤᠷᠢ ᠶᠢ 5000 ᠲᠦᠮᠡᠨ ᠺᠢᠯᠣᠸᠠᠲ ᠲᠤ ᠬᠦᠷᠭᠡᠵᠦ᠂ ᠶᠡᠷᠦᠩᠬᠡᠢ ᠮᠠᠰᠢᠨ ᠴᠣᠭᠴᠠᠯᠠᠪᠤᠷᠢ ᠳᠠᠬᠢ ᠬᠠᠷᠢᠴᠠᠯ ᠢ 50 %᠎ ᠳᠤ ᠬᠦᠷᠭᠡᠨ᠎ᠡ᠃ ᠬᠤᠰᠢᠭᠤᠨ ᠤ ᠠᠷᠪᠠᠨ ᠵᠢᠷᠭᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠠᠴᠠ᠄ ︽ᠠᠷᠪᠠᠨ ᠳᠥᠷᠪᠡᠳᠦᠭᠡᠷ ᠲᠠᠪᠤᠨ ᠵᠢᠯ︾᠎ ᠤᠨ ᠰᠡᠭᠦᠯᠴᠢ ᠪᠣᠯᠬᠤ ᠳᠤ᠂ ᠰᠠᠯᠬᠢᠨ ᠬᠦᠴᠦᠨ ᠤ ᠴᠠᠬᠢᠯᠭᠠᠨ᠂ ᠭᠡᠷᠡᠯ ᠴᠠᠬᠢᠯᠭᠠᠨ ᠤ ᠶᠡᠷᠦᠩᠬᠡᠢ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ 700 ᠲᠦᠮᠡᠨ ᠺᠢᠯᠣᠸᠠᠲ ᠠᠴᠠ ᠳᠡᠭᠡᠭᠰᠢ ᠳᠤ ᠬᠦᠷᠭᠡᠨ᠎ᠡ᠃      ᠮᠠᠨ ᠤ ᠬᠤᠰᠢᠭᠤ ︽ᠬᠤᠶᠠᠷ ᠢ ᠤᠷᠢᠳᠠᠪᠠᠷ ᠬᠢᠬᠦ︾ ︽ᠬᠤᠶᠠᠷ ᠢ ᠳᠠᠪᠠᠭᠤᠯᠬᠤ︾ ᠬᠥᠭᠵᠢᠯᠲᠡ ᠶᠢᠨ ᠬᠠᠷᠠᠯᠲᠠ ᠳᠤ ᠠᠩᠬᠠᠷᠤᠯ ᠢᠶᠠᠨ ᠲᠥᠪᠯᠡᠷᠡᠭᠦᠯᠵᠤ᠂ ᠤᠯᠤᠰ ᠤᠨ ᠴᠢᠬᠤᠯᠠ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠤᠳᠤᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠢ ᠪᠦᠲᠦᠭᠡᠨ ᠪᠠᠶᠢᠭᠤᠯᠬᠤ ᠪᠠᠶᠢᠯᠳᠤᠬᠤ ᠪᠤᠳᠤᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠨ᠂ ᠲᠥᠪᠯᠡᠷᠡᠯ ᠤᠨ ᠮᠠᠶ᠋ᠢᠭ ᠤᠨ ᠬᠡᠪᠴᠢᠶᠡᠵᠢᠭᠦᠯᠦᠯᠲᠡ ᠬᠢᠭᠡᠳ ᠲᠠᠷᠬᠠᠯᠲᠠ ᠶᠢᠨ ᠮᠠᠶ᠋ᠢᠭ ᠤᠨ ᠤᠯᠠᠨ ᠡᠰᠢᠵᠢᠭᠰᠡᠨ ᠨᠡᠭᠡᠭᠡᠯᠳᠡ ᠬᠢᠬᠦ ᠵᠠᠭᠪᠤᠷ ᠢ ᠬᠠᠷᠢᠯᠴᠠᠨ ᠤᠶᠠᠯᠳᠤᠭᠤᠯᠬᠤ ᠎ ᠶᠢ ᠪᠠᠷᠢᠮᠲᠠᠯᠠᠵᠤ᠂ ᠭᠤᠤᠯᠳᠠᠯᠭ᠎ᠠ ᠨᠢ ᠴᠦᠯᠯᠡᠷᠭᠡᠭ ᠣᠷᠣᠨ᠂ ᠨᠡᠭᠦᠷᠡᠰᠦ ᠮᠠᠯᠲᠠᠬᠤ ᠴᠥᠮᠥᠷᠡᠯ᠂ ᠵᠠᠳᠠᠭᠠᠶ ᠨᠡᠭᠦᠷᠡᠰᠦᠨ ᠠᠭᠤᠷᠬᠠᠶ ᠶᠢᠨ ᠰᠢᠷᠣᠶ ᠭᠠᠳᠠᠭᠰᠢᠯᠠᠭᠤᠯᠬᠤ ᠲᠠᠯᠠᠪᠠᠶ ᠵᠡᠷᠭᠡ ᠭᠠᠵᠠᠷ ᠣᠷᠣᠨ ᠳᠤ ᠰᠠᠯᠬᠢᠨ ᠤ ᠬᠦᠴᠦᠨ ᠢ ᠪᠠᠶᠢᠷᠢᠰᠢᠭᠤᠯᠤᠨ᠂ ᠬᠡᠷᠡᠯ ᠴᠡᠨᠡᠭ ᠤᠨ ᠴᠠᠬᠢᠯᠭᠠᠨ ᠥᠷᠲᠡᠭᠡ᠂ ᠰᠠᠯᠬᠢ ᠭᠡᠷᠡᠯ ᠤᠨ ᠠᠵᠤ ᠦᠶᠯᠡᠰ ᠪᠣᠯᠤᠨ ᠠᠭᠤᠷᠬᠠᠶ ᠎ ᠶᠢᠨ ᠣᠷᠣᠨ ᠤ ᠠᠮᠢ ᠠᠬᠤᠶ ᠶᠢᠨ ᠣᠷᠴᠢᠨ ᠲᠣᠭᠤᠷᠢᠨ ᠢ ᠰᠡᠷᠭᠦᠭᠡᠬᠦ ᠶᠢ ᠬᠠᠮᠵᠢᠯᠴᠠᠵᠤ᠂ ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢ ᠦᠶᠯᠡᠳᠦᠯᠭᠡᠵᠢᠭᠦᠯᠵᠤ᠂ ᠡᠨᠧᠷᠭᠢ ᠶᠢᠨ ᠰᠤᠷᠪᠤᠯᠵᠢ ᠶᠢᠨ ᠪᠦᠲᠦᠴᠡ ᠶᠢ ᠴᠢᠯᠠᠭᠤᠵᠢᠮᠠᠯ ᠤᠨ ᠡᠨᠧᠷᠭᠢ ᠶᠢᠨ ᠰᠤᠷᠪᠤᠯᠵᠢ ᠪᠠᠷ ᠭᠤᠣᠯ ᠪᠣᠯᠭᠠᠵᠤ ᠪᠠᠶᠢᠭᠰᠠᠨ ᠠᠴᠠ ᠴᠢᠯᠠᠭᠤᠵᠢᠮᠠᠯ ᠤᠨ ᠪᠤᠰᠤ ᠡᠨᠧᠷᠭᠢ ᠶᠢᠨ ᠰᠤᠷᠪᠤᠯᠵᠢ ᠪᠠᠷ ᠭᠤᠣᠯ ᠪᠣᠯᠭᠠᠬᠤ ᠲᠡᠶᠢᠰᠢ ᠠᠯᠬᠤᠮ ᠠᠯᠬᠤᠮ ᠢᠶᠠᠷ ᠬᠤᠪᠢᠷᠠᠭᠤᠯᠬᠤ ᠶᠢ ᠠᠬᠢᠭᠤᠯᠤᠨ᠂ ᠡᠨᠧᠷᠭᠢ ᠶᠢᠨ ᠰᠤᠷᠪᠤᠯᠵᠢ ᠶᠢᠨ ᠪᠠᠶᠢᠷᠢᠰᠢᠯ ᠢ ᠨᠡᠭᠦᠷᠡᠰᠦᠲᠥ᠋ᠷᠥᠭᠴᠢᠲᠦ ᠪᠠᠶᠢᠭᠰᠠᠨ ᠠᠴᠠ ᠠᠭᠠᠵᠢᠮ ᠢᠶᠠᠷ ᠪᠣᠬᠢᠷᠲᠤᠯ ᠦᠭᠡᠢ ᠨᠡᠭᠦᠷᠡᠰᠦᠲᠥ᠋ᠷᠥᠭᠴᠢᠲᠦ ᠪᠣᠯᠭᠠᠬᠤ ᠲᠡᠶᠢᠰᠢ ᠬᠤᠪᠢᠷᠠᠭᠤᠯᠤᠨ᠎ᠠ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号