| ᠣᠶᠢᠷ᠎ᠠ ᠶᠢᠨ ᠵᠢᠯ ᠳᠤ᠂ ᠡᠵᠡᠨ ᠬᠤᠷᠤᠭ᠎ᠠ ᠬᠤᠰᠢᠭᠤ ᠨᠢ ᠰᠤᠪᠤᠷᠭ᠎ᠠ ᠪᠠᠯᠭᠠᠰᠤ ᠪᠠᠷ ᠭᠤᠤᠯ ᠪᠣᠯᠭᠠᠭᠰᠠᠨ | ᠨᠣᠯᠤᠤᠷ ᠤᠨ ᠢᠮᠠᠭᠠᠨ ᠤ ᠳᠠᠪᠠᠭᠤᠯᠢᠭ ᠤᠨᠴᠠᠯᠢᠭᠳᠤ ᠠᠵᠤ ᠦᠶᠯᠡᠰ ᠤᠨ ᠬᠦᠷᠢᠶᠡᠯᠡᠩ᠂ ᠬᠤᠨᠢᠴᠢᠨ ᠭᠤᠤᠯ | ᠪᠠᠯᠭᠠᠰᠤᠨ ᠤᠨᠢᠭᠡ ᠬᠤᠶᠠᠷ ᠭᠤᠷᠪᠠᠳᠤᠭᠠᠷ ᠠᠵᠤ ᠦᠶᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ | ᠬᠦᠷᠢᠶᠡᠯᠡᠩ ᠵᠡᠷᠭᠡ ᠬᠤᠶᠠᠷ ᠶᠡᠭᠡ ᠤᠨᠴᠠᠯᠢᠭᠳᠤ ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠯᠡᠰ ᠤᠨ | ᠬᠦᠷᠢᠶᠡᠯᠡᠩ ᠲᠣᠭᠤᠷᠢᠭ ᠢ ᠢᠳᠡᠪᠬᠢᠲᠡᠶ ᠪᠣᠶᠢᠵᠢᠭᠤᠯᠵᠤ᠂ ᠰᠤᠪᠤᠷᠭ᠎ᠠ ᠪᠠᠯᠭᠠᠰᠤ᠂ ᠬᠤᠨᠢᠴᠢᠨ ᠭᠤᠤᠯ ᠪᠠᠯᠭᠠᠰᠤᠨ ᠤ | ᠠᠵᠤ ᠦᠶᠯᠡᠰ ᠤᠨ ᠬᠦᠴᠦᠷᠬᠡᠭ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠥᠷᠨᠢᠭᠦᠯᠵᠦ᠂ ᠳᠠᠪᠠᠭᠤᠯᠢᠭ | ᠳᠠᠷᠢᠵᠤ ᠲᠡᠵᠢᠭᠡᠬᠦ᠂ ᠬᠥᠳᠡᠭᠡ ᠲᠣᠰᠬᠤᠨ ᠤ ᠵᠢᠭᠤᠯᠴᠢᠯᠠᠯ᠂ ᠬᠥᠳᠡᠯᠮᠦᠷᠢ ᠬᠦᠴᠦᠨ ᠤ ᠭᠠᠷᠭᠠᠯᠲᠠ ᠵᠡᠷᠭᠡ ᠪᠠᠷ | ᠭᠤᠤᠯᠯᠠᠬᠤ ᠠᠵᠤ ᠦᠶᠯᠡᠰ ᠪᠣᠯᠭᠠᠭᠰᠠᠨ᠂ ᠨᠥᠯᠥᠭᠡᠯᠡᠨ ᠳᠠᠶᠢᠴᠢᠯᠠᠬᠤ ᠦᠶᠯᠡᠳᠦᠯ ᠢᠶᠠᠷ ᠲᠣᠪᠣᠶᠢᠮ᠎ᠠ ︽ᠨᠢᠭᠡ | ᠲᠣᠰᠬᠤᠨ ᠨᠢᠭᠡ ᠦᠶᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠪᠠ᠃ | | | | 2021 ᠣᠨ ᠳᠤ ᠬᠤᠨᠢᠴᠢᠨ ᠭᠤᠤᠯ ᠪᠠᠯᠭᠠᠰᠤᠨ ᠤ ᠠᠯᠠᠰᠢᠨ ᠭᠠᠭ᠋ᠠᠶ ᠶᠢᠨ ᠠᠵᠤ ᠦᠶᠯᠡᠰ ᠬᠤᠲᠠ ᠶᠢᠨ | ᠲᠠᠰ ᠤᠨ ᠠᠵᠤ ᠦᠶᠯᠡᠰ ᠤᠨ ᠬᠦᠴᠦᠷᠬᠡᠭ ᠪᠠᠯᠭᠠᠰᠤ ᠶᠢᠨ ᠲᠥᠷᠥᠯ ᠵᠦᠶᠯ ᠢ ᠠᠮᠵᠢᠯᠲᠠ ᠲᠠᠢ ᠭᠤᠶᠤᠴᠢᠯᠠᠨ | ᠮᠡᠳᠡᠭᠦᠯᠪᠡ︔ ᠯᠤᠩᠬᠤ ᠶᠢᠨ ᠵᠠᠪᠠ ᠲᠣᠰᠬᠤᠨ᠂ ᠮᠡᠩᠭᠡ ᠲᠣᠰᠬᠤᠨ᠂ ᠬᠠᠰᠢᠶᠠᠲᠤ ᠲᠣᠰᠬᠤᠨ ᠬᠤᠲᠠ ᠶᠢᠨ ᠲᠡᠰ | ᠤᠨ ︽ᠨᠢᠭᠡ ᠲᠣᠰᠬᠤᠨ ᠨᠢᠭᠡ ᠦᠶᠯᠡᠳᠬᠦᠨ︾ ᠤ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠠᠮᠵᠢᠯᠲᠠ ᠲᠠᠢ | ᠮᠡᠳᠡᠭᠦᠯᠪᠡ︔ ᠬᠠᠰᠢᠶᠠᠲᠤ ᠲᠣᠰᠬᠤᠨ᠂ ᠯᠤᠩᠬᠤ ᠶᠢᠨ ᠵᠠᠪᠠ ᠲᠣᠰᠬᠤᠨ᠂ ᠪᠤᠯᠠᠭ ᠭᠠᠴᠠᠭ᠎ᠠ᠂ ᠮᠡᠩᠭᠡ ᠲᠣᠰᠬᠤᠨ᠂ | ᠨᠠᠷᠢᠨ ᠰᠢᠯᠢ ᠲᠣᠰᠬᠤᠨ᠂ ᠪᠠᠶᠠᠨᠪᠤᠯᠠᠭ ᠲᠣᠰᠬᠤᠨ᠂ ᠴᠠᠭᠠᠨ ᠴᠠᠶᠢᠳᠠᠮ ᠲᠣᠰᠬᠤᠨ᠂ ᠮᠥᠩᠬᠡᠴᠢᠨ ᠭᠠᠴᠠᠭ᠎ᠠ ᠨᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠰ ᠤᠨ ︽ᠨᠢᠭᠡ ᠲᠣᠰᠬᠤᠨ ᠨᠢᠭᠡ ᠦᠶᠯᠡᠳᠬᠦᠨ︾ ᠤ | ᠲᠦᠷᠦᠭᠦᠦ ᠪᠦᠯᠦᠭ ᠵᠢᠱᠢᠶ᠎ᠡ ᠦᠵᠡᠭᠦᠯᠬᠦ ᠲᠣᠰᠬᠤᠨ ᠪᠠᠯᠭᠠᠰᠤ ᠪᠠᠷ ᠰᠣᠩᠭᠤᠭᠳᠠᠪᠠ︔ ᠬᠠᠰᠢᠶᠠᠲᠤ ᠲᠣᠰᠬᠤᠨ ᠤ | ᠵᠢᠮᠢᠰ ᠤᠨ ᠤᠢ ᠶᠢᠨ ᠲᠥᠷᠥᠯ ᠵᠦᠶᠯ ᠢ ᠠᠮᠵᠢᠯᠲᠠ ᠲᠠᠢ ᠪᠠᠷ ᠥᠪᠡᠷᠲᠡᠭᠡᠨ ᠵᠠᠰᠠᠬᠤ ᠣᠷᠣᠨ ᠤ ᠠᠵᠤ | ᠦᠶᠢᠯᠡᠰᠵᠢᠭᠰᠡᠨ ᠬᠤᠯᠪᠣᠭᠠᠲᠤ ᠴᠣᠭᠴᠠ ᠶᠢᠨ ᠲᠥᠷᠥᠯ ᠵᠦᠶᠯ ᠢ ᠮᠡᠳᠡᠭᠦᠯᠪᠡ᠃ | | | | ᠡᠵᠡᠨ ᠬᠤᠷᠤᠭ᠎ᠠ ᠬᠤᠰᠢᠭᠤᠨ ᠤ ᠬᠤᠲᠠ ᠶᠢᠨ ᠲᠠᠰ ᠠᠴᠠ ᠳᠡᠭᠡᠭᠰᠢᠬᠢ ᠲᠠᠷᠢᠶᠠᠯᠠᠩ ᠮᠠᠯ ᠠᠵᠤ ᠠᠬᠤᠶ ᠶᠢᠨ | ᠠᠵᠤ ᠦᠶᠢᠯᠡᠰᠵᠢᠭᠰᠡᠨ ᠬᠤᠯᠪᠣᠭᠠᠲᠤ ᠴᠣᠭᠴᠠ ᠨᠢᠭᠡᠨᠲᠡ 5 ᠪᠣᠯᠵᠣ᠂ ᠬᠤᠲᠠ ᠶᠢᠨ ᠲᠠᠰ ᠠᠴᠠ ᠳᠡᠭᠡᠭᠰᠢᠬᠢ | ᠲᠠᠷᠢᠶᠠᠯᠠᠩ ᠮᠠᠯ ᠠᠵᠤ ᠠᠬᠤᠶ ᠶᠢᠨ ᠠᠵᠤ ᠦᠶᠢᠯᠡᠰᠵᠢᠭᠰᠡᠨ ᠭᠤᠤᠯᠳᠠᠯᠭ᠎ᠠ ᠲᠠᠢ ᠬᠥᠲᠥᠴᠢ ᠠᠵᠤ ᠠᠬᠤᠶᠢᠯᠠᠯ 39 | ᠪᠣᠯᠵᠣ᠂ ᠨᠢᠭᠲᠠᠷᠠᠭᠰᠠᠨ ᠬᠡᠯᠪᠡᠷᠢ ᠶᠢᠨ ᠲᠠᠷᠢᠶᠠᠯᠠᠩ ᠪᠠ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠯᠠᠯ | ᠤᠨ ᠨᠣᠷᠮ᠎ᠠ 76 % ᠳᠤ ᠬᠥᠷᠪᠡ᠃ ᠲᠠᠷᠢᠶᠠᠴᠢᠨ ᠤ ᠲᠤᠰᠬᠠᠢ ᠬᠤᠷᠰᠢᠶᠠᠵᠢᠯ 710 ᠳᠤ ᠬᠦᠷᠴᠦ᠂ ᠭᠡᠷ ᠪᠦᠯᠢ | ᠶᠢᠨ ᠲᠠᠷᠢᠶᠠᠯᠠᠩ ᠮᠠᠯᠵᠢᠯ ᠤᠨ ᠲᠠᠯᠠᠪᠠᠢ 406 ᠳᠤ ᠬᠦᠷᠴᠦ᠂ ᠥᠨᠳᠥᠷ ᠬᠡᠪ ᠪᠣᠯᠪᠠᠰᠤᠷᠠᠯ ᠲᠠᠢ 190 ᠮᠠᠯᠴᠢᠨ | ᠲᠠᠷᠢᠶᠠᠴᠢᠨ ᠢ ᠰᠢᠨ᠎ᠡ ᠪᠠᠷ ᠬᠥᠮᠦᠵᠢᠭᠦᠯᠪᠡ᠃ 2021 ᠣᠨ ᠳᠤ 4 ᠪᠣᠬᠢᠷᠲᠤᠯ ᠥᠬᠡᠶ ᠲᠠᠷᠢᠶᠠᠯᠠᠩ ᠤᠨ | ᠪᠦᠲᠦᠭᠡᠭᠳᠡᠬᠦᠨ ᠢ ᠰᠢᠨ᠎ᠡ ᠪᠠᠷ ᠭᠡᠷᠡᠴᠢᠯᠡᠵᠦ᠂ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠲᠠᠷᠢᠶᠠᠯᠠᠩ ᠤᠨ | ᠪᠦᠲᠦᠭᠡᠭᠳᠡᠬᠦᠨ 24 ᠪᠣᠯᠵᠣ᠂ 2 ᠣᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ︽ | ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ | ︾ ᠳᠤ ᠣᠷᠣᠭᠤᠯᠵᠤ᠂ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠨᠠᠷᠠᠲᠤ ᠲᠥᠷᠥᠯ ᠲᠡᠮᠳᠡᠭᠲᠦ ︽ᠱᠧᠩ ᠳ᠋ᠢ | ᠲᠢᠶᠠᠨ ᠵᠢᠶᠤᠤ ᠦᠶᠯᠡᠳᠬᠦᠨ︾ ᠢ ᠳᠠᠩᠰᠠᠯᠠᠭᠤᠯᠵᠤ᠂ ᠲᠠᠷᠢᠶᠠᠯᠠᠩ ᠤᠨ ᠪᠦᠲᠦᠭᠡᠭᠳᠡᠬᠦᠨ ᠤ ᠵᠠᠬ᠎ᠠ ᠳᠡᠯᠭᠡᠭᠦᠷ ᠤᠨ | ᠥᠷᠢᠰᠦᠯᠳᠦᠬᠦ ᠬᠦᠴᠦᠨ ᠪᠠ ᠨᠠᠷᠠᠲᠤ ᠲᠥᠷᠥᠯ ᠲᠡᠮᠳᠡᠭᠲᠦ ᠶᠢᠨ ᠨᠥᠯᠥᠭᠡᠯᠡᠬᠦ ᠬᠦᠴᠦᠨ ᠪᠦᠲᠦᠮᠵᠢᠲᠡᠶ ᠳᠡᠭᠡᠭᠰᠢᠯᠡᠪᠡ᠃ | | | | | |