| ᠨᠢᠭᠡ ᠳᠤ᠂ ᠮᠠᠨ ᠤ ᠬᠤᠰᠢᠭᠤᠨ ᠤ ᠬᠠᠷᠢᠶᠠᠲᠤ ᠣᠷᠣᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ | ᠶᠢᠨ ᠪᠠᠶᠢᠭᠤᠯᠤᠮᠵᠢ 5 ᠪᠠᠶᠢᠵᠤ ︵ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠪᠠᠭᠲᠠᠨ᠎ᠠ︶᠂ ᠡᠳᠦᠷ ᠤᠨ | ᠬᠠᠮᠤᠭ ᠤᠨ ᠶᠡᠭᠡ ᠰᠢᠯᠭᠠᠨ ᠪᠠᠶᠢᠴᠠᠭᠠᠯᠲᠠ ᠶᠢᠨ ᠴᠢᠳᠠᠪᠤᠷᠢ 73600 ᠬᠥᠮᠦᠨ ( 1᠄ 10 )᠂ ᠭᠤᠷᠪᠠᠳᠠᠬᠢ | ᠡᠲᠡᠭᠡᠳ ᠤᠨ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠥᠬᠡᠬᠤᠲᠠ ᠶᠢᠨ ᠳ᠋ᠢ ᠠᠨ ᠠᠨᠠᠭᠠᠬᠤ ᠤᠬᠠᠭᠠᠨ ᠤ | ᠰᠢᠯᠭᠠᠨ ᠪᠠᠶᠢᠴᠠᠭᠠᠯᠲᠠ ᠶᠢᠨ ᠭᠠᠵᠠᠷ ᠲᠠᠢ ᠭᠡᠷ᠎ᠡ ᠲᠣᠭᠲᠠᠵᠤ᠂ ᠪᠠᠴᠢᠮ ᠪᠠᠶᠢᠳᠠᠯ ᠳᠣᠤᠷ᠎ᠠ ᠭᠤᠷᠪᠠᠳᠠᠬᠢ ᠡᠲᠡᠭᠡᠳ ᠤᠨ | ᠰᠢᠯᠭᠠᠨ ᠪᠠᠶᠢᠴᠠᠭᠠᠯᠲᠠ ᠶᠢ ᠡᠬᠢᠯᠡᠭᠦᠯᠪᠡᠯ᠂ ᠡᠳᠦᠷ ᠤᠨ ᠬᠠᠮᠤᠭ ᠤᠨ ᠶᠡᠭᠡ ᠰᠢᠯᠭᠠᠨ ᠪᠠᠶᠢᠴᠠᠭᠠᠯᠲᠠ ᠶᠢᠨ ᠬᠡᠮᠵᠢᠶ᠎ᠡ | 273600 ᠬᠥᠮᠦᠨ ᠳᠤ ᠬᠦᠷᠴᠦ ᠪᠣᠯᠤᠨ᠎ᠠ᠃ | ᠬᠤᠶᠠᠷ ᠲᠤ᠂ ᠮᠠᠨ ᠤ ᠵᠥᠪᠯᠡᠯ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠶᠡᠭᠡ ᠪᠠᠷ ᠠᠬᠢᠭᠤᠯᠬᠤ | ᠶᠠᠪᠤᠴᠠ ᠳᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ ᠠᠮᠢᠳᠤ ᠪᠣᠳᠠᠰ ᠤᠨ ᠠᠮᠤᠷ ᠲᠦᠪᠰᠢᠨ ᠤ | ᠬᠠᠮᠢᠶᠠᠷᠤᠯᠲᠠ ᠶᠢ ᠴᠢᠬᠤᠯᠠᠴᠢᠯᠠᠵᠤ᠂ ᠠᠮᠢᠳᠤ ᠪᠣᠳᠠᠰ ᠤᠨ ᠠᠮᠤᠷ ᠲᠦᠪᠰᠢᠨ ᠪᠠ ᠶᠠᠰᠤ ᠴᠢᠨᠠᠷ ᠢ ᠡᠵᠡᠮᠳᠡᠬᠦ ᠣᠯᠠᠨ | ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠪᠠᠶᠢᠭᠤᠯᠵᠤ᠂ 2022 ᠣᠨ ᠤ 1 ᠰᠠᠷ᠎ᠠ ᠶᠢᠨ 18 ᠤ | ᠡᠳᠦᠷ ᠠᠴᠠ 22 ᠤᠨ ᠡᠳᠦᠷ ᠤᠨ ᠬᠤᠭᠤᠷᠣᠨᠳᠣ ᠪᠥᠬᠦ ᠬᠤᠰᠢᠭᠤᠨ ᠤ ᠪᠥᠭᠡᠮ ᠬᠦᠴᠢᠯ ᠤᠨ ᠰᠢᠯᠭᠠᠨ | ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠪᠠ ᠥᠯᠢᠭᠡᠷ ᠠᠪᠬᠤ | ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠠᠶᠢᠭᠤᠯᠤᠮᠵᠢ ᠶᠢᠨ ᠥᠯᠢᠭᠡᠷ | ᠠᠪᠬᠤ᠂ ᠰᠢᠯᠭᠠᠨ ᠪᠠᠶᠢᠴᠠᠭᠠᠬᠤ ᠶᠢ ᠵᠢᠷᠤᠮᠵᠢᠭᠤᠯᠬᠤ ᠶᠢ ᠵᠢᠯᠣᠭᠤᠳᠪᠠ᠃ | ᠭᠤᠷᠪᠠ ᠳᠤ᠂ ᠮᠠᠨ ᠤ ᠬᠤᠰᠢᠭᠤ ᠨᠢ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤ | ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ 24 ᠴᠠᠭ ᠤᠨ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ ᠠᠵᠢᠯ ᠢ ᠬᠠᠩᠭᠠᠵᠤ᠂ ᠮᠠᠨ ᠤ ᠬᠤᠰᠢᠭᠤᠨ ᠤ 4 ᠪᠠᠶᠢᠴᠠᠭᠠᠨ ᠰᠢᠯᠭᠠᠬᠤ ᠪᠠᠶᠢᠭᠤᠯᠤᠮᠵᠢ ᠨᠢ | ᠡᠳᠦᠷ ᠲᠤ 5 ᠠᠳᠠᠯᠢ ᠪᠤᠰᠤ ᠴᠠᠭ ᠬᠤᠭᠤᠴᠠᠭ᠎ᠠ ᠬᠤᠪᠢᠶᠠᠨ ᠪᠠᠶᠢᠴᠠᠭᠠᠨ ᠰᠢᠯᠭᠠᠵᠤ᠂ ᠮᠠᠨ ᠤ ᠬᠤᠰᠢᠭᠤ ᠨᠢ ᠡᠳᠦᠷ | ᠪᠦᠷᠢ 4000 ᠬᠤᠪᠢ ᠣᠷᠴᠢᠮ ᠪᠠᠶᠢᠴᠠᠭᠠᠨ ᠰᠢᠯᠭᠠᠵᠤ᠂ ᠰᠤᠷᠤᠯᠭ᠎ᠠ ᠪᠠᠨ ᠰᠡᠷᠭᠦᠭᠡᠬᠦ᠂ ᠠᠵᠢᠯ ᠢᠶᠠᠨ ᠰᠡᠷᠭᠦᠭᠡᠬᠦ᠂ | ᠦᠶᠯᠡᠳᠪᠦᠷᠢᠯᠡᠯ ᠢᠶᠠᠨ ᠰᠡᠷᠭᠦᠭᠡᠬᠦ ᠵᠡᠷᠭᠡ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠢᠯᠭᠠᠬᠤ ᠳᠤ | ᠴᠠᠭ ᠲᠤᠬᠠᠶ ᠳᠤᠨᠢ ᠪᠠᠶᠢᠴᠠᠭᠠᠨ ᠰᠢᠯᠭᠠᠬᠤ ᠪᠠᠲᠤᠯᠠᠭ᠎ᠠ ᠬᠠᠩᠭᠠᠬᠤ ᠶᠢᠨ ᠬᠠᠮᠲᠤ ︽ᠪᠠᠶᠢᠴᠠᠭᠠᠬᠤ ᠶᠣᠰᠣᠲᠠᠶ ᠶᠢ ᠨᠢ | ᠪᠦᠬᠦᠨ ᠢ ᠪᠠᠶᠢᠴᠠᠭᠠᠬᠤ︾᠂ ︽ᠴᠠᠭ ᠲᠤᠨᠢ ᠲᠣᠬᠢᠷᠠᠭᠤᠯᠤᠨ ᠰᠤᠭᠤᠴᠢᠨ ᠪᠠᠶᠢᠴᠠᠭᠠᠬᠤ︾᠂ ︽ᠪᠠᠶᠢᠴᠠᠭᠠᠬᠤ | ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ | ᠱᠠᠭᠠᠷᠳᠠᠯᠭ᠎ᠠ ᠶᠢ ᠬᠠᠩᠭᠠᠨ᠎ᠠ᠃ | ᠳᠥᠷᠪᠡ ᠳᠤ᠂ ᠶᠡᠭᠡ ᠬᠡᠪᠴᠢᠶᠡᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢᠨ | ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠨ ᠪᠦᠰᠡ ᠶᠢᠨ ᠵᠦᠶ ᠵᠣᠬᠢᠰᠲᠠᠶ | ᠪᠠᠶᠢᠷᠢᠯᠠᠭᠤᠯᠤᠯᠲᠠ ᠶᠣᠰᠣᠭᠠᠷ ᠥᠯᠢᠭᠡᠷ ᠠᠪᠬᠤ ᠴᠡᠭ ᠭᠠᠷᠭᠠᠵᠤ᠂ ᠥᠯᠢᠭᠡᠷ ᠠᠪᠬᠤ ᠴᠡᠭ ᠨᠢᠭᠡᠪᠦᠷᠢ ᠳᠤ ᠬᠥᠮᠦᠨ | ᠠᠮᠠ ᠶᠢᠨ ᠣᠷᠣᠨ ᠰᠠᠭᠤᠴᠠ ᠶᠢᠨ ᠬᠡᠮᠵᠢᠶ᠎ᠡ ᠶᠢ ᠦᠨᠳᠦᠰᠦᠯᠡᠨ ᠥᠯᠢᠭᠡᠷ ᠠᠪᠬᠤ ᠲᠠᠶᠢᠰᠠ ᠶᠢ ᠵᠦᠶ ᠵᠣᠬᠢᠰᠲᠠᠶ | ᠪᠠᠶᠢᠷᠢᠯᠠᠭᠤᠯᠵᠤ᠂ ᠮᠠᠨ ᠤ ᠬᠤᠰᠢᠭᠤᠨ ᠤ 7 ᠪᠠᠯᠭᠠᠰᠤᠨ ᠳᠤ ᠨᠡᠶᠢᠲᠡ 163 ᠥᠯᠢᠭᠡᠷ ᠠᠪᠬᠤ ᠴᠡᠭ᠂ 254 | ᠥᠯᠢᠭᠡᠷ ᠠᠪᠬᠤ ᠲᠠᠶᠢᠰᠠ ᠭᠠᠷᠭᠠᠵᠤ᠂ 513 ᠥᠯᠢᠭᠡᠷ ᠠᠪᠬᠤ ᠠᠵᠢᠯᠲᠠᠨ᠂ 631 ᠮᠡᠳᠡᠭᠡ ᠵᠠᠩᠭᠢ ᠣᠷᠣᠭᠤᠯᠬᠤ | ᠠᠵᠢᠯᠲᠠᠨ᠂ 272 ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ 281 ᠡᠮᠬᠢ ᠵᠢᠷᠤᠮ ᠢ ᠬᠠᠮᠠᠭᠠᠯᠠᠬᠤ ᠵᠢᠴᠢ | ᠰᠠᠶᠢᠨ ᠳᠤᠷ᠎ᠠ ᠶᠢᠨ ᠠᠵᠢᠯᠯᠠᠭᠴᠢ᠂ 80 ᠲᠡᠷᠭᠡ ︵ᠡᠭᠦᠨ ᠳᠤ ᠪᠡᠯᠡᠳᠬᠡᠯ ᠲᠡᠷᠭᠡ 12 ᠪᠣᠶ︶᠂ 80 ᠥᠯᠢᠭᠡᠷ | ᠡᠳ᠋ ᠬᠠᠮᠠᠭᠠᠯᠠᠨ ᠬᠦᠷᠭᠡᠬᠦ ᠠᠵᠢᠯᠲᠠᠨ ᠲᠠᠢ᠃ ᠪᠦᠬᠦ ᠬᠥᠮᠦᠰ ᠲᠤ ᠪᠣᠳᠠᠲᠠᠶ ᠪᠣᠯᠪᠠᠰᠤᠷᠠᠯ ᠬᠢᠵᠦ᠂ ᠬᠥᠮᠦᠰ ᠢ ᠨᠢᠭᠡ | ᠨᠢᠭᠡ ᠪᠠᠷ ᠲᠣᠬᠢᠷᠠᠭᠤᠯᠤᠨ ᠨᠠᠶᠢᠳᠠᠪᠤᠷᠢᠵᠢᠭᠤᠯᠪᠠ᠃ | |