ᠠᠷᠠᠳ ᠤᠨ ᠠᠮᠢᠳᠤᠷᠠᠯ ᠤᠨ ᠪᠤᠶᠠᠨ ᠬᠡᠰᠢᠭ ᠡᠶ᠎ᠡ ᠵᠣᠬᠢᠴᠠᠩᠭᠤᠶ ᠬᠥᠭᠵᠢᠮ ᠢ ᠬᠠᠩᠭᠢᠨᠠᠭᠤᠯᠵᠤ ᠊᠊᠊᠊᠊᠊ 2021 ᠣᠨ ᠤ ᠡᠵᠡᠨ ᠬᠤᠷᠤᠭ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠎ ᠤᠨ ᠪᠠᠲᠤᠯᠠᠭ᠎ᠠ ᠶᠢᠨ ᠬᠦᠷᠢᠶᠡᠨ ᠤ ᠬᠢᠷᠢ ᠪᠦᠲᠦᠮᠵᠢ ᠶᠢᠨ ᠬᠠᠭᠤᠳᠠᠰᠤ
ᠨᠡᠶᠢᠲᠡᠯᠡᠭᠰᠡᠨ ᠴᠠᠭ᠄
2022/5/19
       2021 ᠣᠨ ᠳᠤ᠂ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠎ ᠶᠢᠨ ᠲᠣᠪᠴᠢᠶ᠎ᠠ ᠠᠵᠢᠯ ᠣᠯᠭᠤᠵᠤ ᠦᠶᠯᠡᠰ ᠴᠣᠭᠴᠠᠯᠠᠬᠤ᠂ ᠨᠡᠶᠢᠭᠡᠮ ᠤᠨ ᠪᠠᠲᠤᠯᠠᠭ᠎ᠠ᠂ ᠠᠵᠢᠯᠲᠠᠨ ᠤ ᠶᠠᠪᠤᠳᠠᠯ ᠴᠢᠳᠠᠪᠤᠷᠢᠲᠠᠨ᠂ ᠬᠥᠳᠡᠯᠮᠦᠷᠢ ᠶᠢᠨ ᠬᠠᠷᠢᠴᠠᠭ᠎ᠠ ᠵᠡᠷᠭᠡ ᠠᠵᠢᠯ ᠤᠨ ᠭᠤᠤᠯ ᠰᠢᠵᠢᠮ ᠲᠠᠢ ᠨᠢᠭᠲᠠ ᠤᠶᠠᠯᠳᠤᠭᠤᠯᠤᠨ᠂ ᠢᠳᠡᠪᠬᠢᠲᠡᠶ ᠲᠥᠯᠥᠪᠵᠢᠭᠦᠯᠵᠦ᠂ ᠨᠠᠷᠢᠨ ᠨᠢᠮᠪᠠᠶ ᠪᠠᠶᠢᠷᠢᠯᠠᠭᠤᠯᠤᠨ᠂ ᠬᠦᠴᠦᠲᠡᠶ ᠠᠬᠢᠭᠤᠯᠵᠤ᠂ ᠡᠯ᠎ᠡ ᠵᠦᠶᠯ ᠤᠨ ᠠᠵᠢᠯ ᠦᠨᠡᠨ ᠪᠣᠳᠠᠲᠠᠶ ᠦᠷ᠎ᠡ ᠪᠦᠲᠦᠮᠵᠢ ᠤᠯᠪᠠ᠃      ᠠᠵᠢᠯ ᠣᠯᠭᠤᠬᠤ ᠦᠶᠯᠡᠰ ᠪᠣᠰᠬᠠᠬᠤ ᠲᠠᠯ᠎ᠠ᠃ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ᠃ ᠪᠦᠬᠦ ᠬᠤᠰᠢᠭᠤᠨ ᠤ ᠬᠤᠲᠠ ᠪᠠᠯᠭᠠᠰᠤᠨ ᠤ 2484 ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠬᠤᠲᠠ ᠪᠠᠯᠭᠠᠰᠤᠨ ᠤ 677 ᠬᠥᠮᠦᠨ ᠳᠤ ᠳᠠᠬᠢᠨ ᠠᠵᠢᠯ ᠣᠯᠭᠤᠵᠤ᠂ ᠬᠤᠲᠠ ᠪᠠᠯᠭᠠᠰᠤᠨ ᠤ 150 ᠬᠥᠮᠦᠨ ᠳᠤ ᠠᠵᠢᠯ ᠣᠯᠭᠤᠵᠤ᠂ 15400 ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤᠨ ᠤ ᠳᠠᠩᠰᠠᠯᠠᠭᠤᠯᠤᠭᠰᠠᠨ ᠠᠵᠢᠯ ᠠᠯᠳᠠᠭᠰᠠᠳ ᠤᠨ ᠨᠣᠷᠮ᠎ᠠ ᠎ ᠶᠢ 2.7 %᠎ ᠳᠤ ᠬᠢᠵᠠᠭᠠᠷᠯᠠᠨ᠂ ᠠᠵᠢᠯ ᠲᠠᠢ ᠬᠥᠮᠦᠨ ᠦᠭᠡᠢ ᠭᠡᠷ ᠪᠦᠯᠢ ᠶᠢ ᠬᠥᠳᠡᠯᠦᠩᠭᠦᠢ ᠪᠠᠷ ᠠᠵᠢᠯ ᠣᠯᠭᠤᠵᠤ ᠂ ᠪᠦᠬᠦ ᠬᠤᠰᠢᠭᠤᠨ ᠤ ᠠᠵᠢᠯ ᠣᠯᠭᠤᠯᠲᠠ ᠶᠢᠨ ᠪᠠᠶᠢᠳᠠᠯ ᠢ ᠶᠡᠷᠦᠩᠬᠡᠢ ᠳᠤᠨᠢ ᠲᠣᠭᠲᠠᠭᠤᠨ ᠪᠠᠶᠢᠯᠭᠠᠨ᠎ᠠ᠃      ᠨᠡᠶᠢᠭᠡᠮ ᠤᠨ ᠪᠠᠲᠤᠯᠠᠭ᠎ᠠ ᠶᠢᠨ ᠲᠠᠯ᠎ᠠ᠃ ᠳᠠᠭᠠᠳᠬᠠᠯ ᠳᠤ ᠣᠷᠣᠯᠴᠠᠵᠤ ᠰᠦᠶᠳᠬᠡᠯ ᠲᠤᠰᠢᠶᠠᠬᠤ ᠳᠤ ᠬᠦᠴᠢᠷᠳᠡᠯᠲᠡᠶ ᠨᠡᠶᠢᠲᠡ ᠴᠣᠭᠴᠠ ᠶᠢ ᠦᠷᠭᠦᠯᠵᠢᠯᠡᠨ ᠣᠷᠣᠯᠠᠨ ᠲᠤᠰᠢᠶᠠᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠤ ᠬᠠᠮᠲᠤ ᠳᠤᠨᠢ ᠬᠦᠷᠲᠡᠭᠡᠬᠦ ᠬᠡᠷᠡᠭᠲᠡᠶ᠃      ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠲᠠᠯ᠎ᠠ᠃ ᠭᠠᠳᠠᠭᠰᠢ ᠭᠠᠷᠴᠤ ᠠᠵᠢᠯᠲᠠᠨ ᠡᠯᠰᠡᠬᠦ᠂ ᠢᠯᠡ ᠪᠠᠷ ᠰᠢᠯᠭᠠᠨ ᠡᠯᠰᠡᠬᠦ᠂ ᠬᠥᠮᠦᠨ ᠬᠡᠷᠡᠭᠯᠡᠬᠦ ᠨᠢᠬᠡᠴᠢ ᠶᠢᠨ ᠡᠵᠡᠨ ᠮᠡᠳᠡᠵᠦ ᠠᠵᠢᠯᠲᠠᠨ ᠡᠯᠰᠡᠬᠦ ᠵᠡᠷᠭᠡ ᠠᠷᠭ᠎ᠠ ᠬᠡᠯᠪᠡᠷᠢ ᠪᠠᠷ ᠳᠠᠮᠵᠢᠭᠤᠯᠤᠨ᠂ ᠬᠤᠰᠢᠭᠤᠨ ᠤ ᠰᠢᠭᠤᠳ ᠬᠠᠷᠢᠶ᠎ᠠ ᠰᠠᠯᠠᠭ᠎ᠠ ᠮᠥᠴᠢᠷ ᠲᠤ 521 ᠬᠥᠮᠦᠨ ᠤᠷᠢᠨ ᠬᠡᠷᠡᠭᠯᠡᠬᠦ ᠶᠢᠨ ᠬᠠᠮᠲᠤ 161 ᠨᠡᠷ᠎ᠡ ᠭᠠᠴᠠᠭ᠎ᠠ ᠲᠣᠰᠬᠤᠨ ᠤ ᠨᠡᠶᠢᠭᠡᠮ ᠲᠣᠭᠤᠷᠢᠭ ᠤᠨ ᠦᠶᠯᠡᠴᠢᠯᠡᠭᠡᠨ ᠤ ᠠᠵᠢᠯᠲᠠᠨ ᠢ ᠤᠷᠢᠨ ᠬᠡᠷᠡᠭᠯᠡᠵᠦ᠂ ᠴᠢᠳᠠᠪᠤᠷᠢᠲᠠᠨ ᠤ ᠲᠤᠯᠭᠠᠭᠤᠷᠢᠯᠠᠬᠤ ᠴᠢᠳᠠᠪᠤᠷᠢ ᠶᠢ ᠢᠯᠡᠳᠲᠡ ᠴᠢᠩᠭᠠᠷᠠᠭᠤᠯᠪᠠ᠃      ᠬᠥᠳᠡᠯᠮᠦᠷᠢ ᠶᠢᠨ ᠬᠠᠷᠢᠴᠠᠭᠠᠨ ᠤ ᠲᠠᠯ᠎ᠠ᠃ ᠴᠠᠯᠢᠩ ᠥᠷᠢᠲᠦᠬᠦ ᠶᠢ ᠦᠨᠳᠦᠰᠦᠨ ᠠᠴᠠ ᠨᠢ ᠵᠠᠰᠠᠬᠤ ᠶᠢ ᠪᠦᠬᠦ ᠬᠦᠴᠦᠨ ᠢᠶᠠᠷ ᠲᠦᠯᠬᠢᠨ ᠠᠬᠢᠭᠤᠯᠤᠨ᠎ᠠ᠃ ᠬᠥᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠶᠢᠨ ᠡᠷᠴᠢᠮ ᠢᠶᠠᠨ ᠲᠠᠰᠤᠷᠠᠯᠲᠠ ᠥᠬᠡᠶ ᠴᠢᠩᠭᠠᠷᠠᠭᠤᠯᠵᠤ᠂ ᠪᠥᠬᠦ ᠬᠤᠰᠢᠭᠤᠨ ᠤ ᠪᠥᠲᠥᠭᠡᠨ ᠪᠠᠶᠢᠭᠤᠯᠵᠤ ᠪᠠᠶᠢᠭ᠎ᠠ ᠲᠥᠷᠥᠯ ᠵᠦᠶᠯ ᠤᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠴᠠᠯᠢᠩ ᠤᠨ ᠪᠠᠲᠤᠯᠠᠭ᠎ᠠ ᠶᠢᠨ ᠮᠥᠩᠭᠦ ᠶᠢᠨ ᠲᠤᠰᠢᠶᠠᠨ ᠬᠠᠳᠠᠭᠠᠯᠠᠭᠤᠯᠤᠭᠰᠠᠨ ᠦᠯᠡᠳᠡᠪᠦᠷᠢ 1.35 ᠳ᠋ᠦᠩᠰᠢᠭᠤᠷ ᠲᠥᠭᠦᠷᠢᠭ ᠲᠤ ᠬᠦᠷᠴᠦ᠂ 3762 ᠬᠥᠳᠡᠯᠮᠦᠷᠢᠴᠢᠨ ᠳᠤ 7562 ᠲᠦᠮᠡᠨ ᠲᠥᠭᠦᠷᠢᠭ ᠤᠨ ᠴᠠᠯᠢᠩ ᠬᠥᠯᠥᠰᠥ ᠶᠢ ᠨᠡᠬᠡᠮᠵᠢᠯᠡᠨ ᠣᠯᠭᠤᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号