ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ ᠲᠤᠳᠠᠭᠳᠠᠯ ᠢᠶᠠᠨ ᠨᠥᠬᠦᠪᠥᠷᠢᠯᠡᠵᠦ ᠬᠤᠷᠢᠭ᠎ᠠ ᠱᠤᠭᠤᠮ ᠢ ᠰᠠᠬᠢᠬᠤ ᠊᠊᠊᠊ 2021 ᠣᠨ ᠤ ᠡᠵᠡᠨ ᠬᠤᠷᠤᠭ᠎ᠠ ᠬᠤᠰᠢᠭᠤᠨ ᠤ ᠠᠷᠠᠳ ᠤᠨ ᠶᠠᠪᠤᠳᠠᠯ ᠤᠨ ᠬᠦᠷᠢᠶᠡᠨ ᠤ 4 ᠵᠦᠶᠯ ᠤᠨ ᠠᠷᠭ᠎ᠠ ᠬᠡᠮᠵᠢᠶ᠎ᠡ ᠠᠷᠠᠳ ᠤᠨ ᠠᠮᠢᠳᠤᠷᠠᠯ ᠳᠤ ᠠᠰᠢᠭ ᠬᠦᠷᠲᠡᠭᠡᠪᠡ
ᠨᠡᠶᠢᠲᠡᠯᠡᠭᠰᠡᠨ ᠴᠠᠭ᠄
2022/5/19
     2021 ᠣᠨ ᠳᠤ᠂ ᠪᠥᠬᠦ ᠬᠤᠰᠢᠭᠤᠨ ᠤ ᠠᠷᠠᠳ ᠤᠨ ᠶᠠᠪᠤᠳᠠᠯ ᠤᠨ ᠰᠢᠰᠲ᠋ᠧᠮ ᠠᠷᠠᠳ ᠤᠨ ᠠᠮᠢᠳᠤᠷᠠᠯ ᠢ ᠬᠠᠮᠲᠤ ᠪᠠᠷ ᠡᠳ᠋ᠯᠡᠬᠦ ᠣᠶᠢᠯᠠᠭᠠᠭᠳᠠᠬᠤᠨ ᠢ ᠳᠣᠪᠣᠶᠢᠯᠭᠠᠵᠤ᠂ ᠲᠤᠳᠠᠭᠳᠠᠯ ᠢᠶᠠᠨ ᠨᠥᠬᠦᠪᠥᠷᠢᠯᠡᠨ᠂ ᠬᠤᠷᠢᠭ᠎ᠠ ᠱᠤᠭᠤᠮ ᠎ ᠢ ᠰᠠᠬᠢᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠵᠠᠮ ᠨᠡᠭᠡᠭᠡᠨ ᠤᠷᠤᠭᠰᠢᠯᠠᠨ᠂ ᠡᠯ᠎ᠡ ᠲᠥᠷᠥᠯ ᠤᠨ ᠠᠵᠢᠯ ᠢᠯᠡᠳᠲᠡ ᠦᠷ᠎ᠡ ᠪᠦᠲᠦᠮᠵᠢ ᠤᠯᠪᠠ᠃      ᠨᠡᠶᠢᠭᠡᠮ ᠤᠨ ᠠᠪᠤᠷᠠᠨ ᠲᠤᠰᠠᠯᠠᠬᠤ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠳᠦᠰᠦᠨ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠬᠦᠴᠦᠲᠡᠶ ᠪᠠᠲᠤᠯᠠᠪᠠ᠃ ᠬᠦᠴᠢᠷᠳᠡᠯᠲᠡᠶ ᠣᠯᠠᠨ ᠲᠦᠮᠡᠨ ᠤ ᠦᠨᠳᠦᠰᠦᠨ ᠠᠮᠢᠳᠤᠷᠠᠯ ᠤᠨ ᠪᠠᠲᠤᠯᠠᠭ᠎ᠠ ᠶᠢᠨ ᠪᠠᠷᠢᠮᠵᠢᠶ᠎ᠠ ᠶᠢ ᠯᠠᠪᠳᠠᠭᠤᠨ ᠢᠶᠠᠷ ᠳᠡᠭᠡᠭᠰᠢᠯᠡᠭᠦᠯᠦᠨ᠎ᠡ᠃      ᠨᠠᠰᠤᠵᠢᠯ ᠤᠨ ᠦᠢᠯᠡᠴᠢᠯᠡᠭᠡᠨ ᠤ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠨᠠᠰᠤᠵᠢᠯ ᠤᠨ ᠦᠢᠯᠡᠴᠢᠯᠡᠭᠡᠨ ᠤ ᠬᠥᠭᠵᠢᠯᠲᠡ ᠢᠯᠡᠳᠲᠡ ᠦᠷ᠎ᠡ ᠪᠦᠲᠦᠮᠵᠢ ᠣᠯᠪᠠ᠃ ᠬᠡᠷ ᠲᠡᠭᠡᠨ ᠰᠠᠭᠤᠵᠤ ᠨᠡᠶᠢᠭᠡᠮ ᠲᠣᠭᠤᠷᠢᠭ ᠎ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡ ᠶᠢ ᠪᠥᠬᠦ ᠲᠠᠯ᠎ᠠ ᠪᠠᠷ ᠠᠬᠢᠭᠤᠯᠵᠤ᠂ ︽15 ᠮᠢᠨᠦ᠋ᠲ ᠤᠨ ᠨᠠᠰᠤᠵᠢᠯ ᠤᠨ ᠠᠰᠠᠷᠠᠮᠵᠢ ᠶᠢᠨ ᠦᠶᠯᠡᠴᠢᠯᠡᠭᠡᠨ ᠤ ᠲᠣᠭᠤᠷᠢᠭ︾᠎ ᠢ ᠪᠣᠶ ᠪᠣᠯᠭᠠᠵᠤ᠂ ᠨᠠᠰᠤᠵᠢᠯ ᠤᠨ ᠠᠰᠠᠷᠠᠮᠵᠢ ᠶᠢ ︽ᠥᠲᠡᠯᠦᠭᠡ ᠨᠠᠰᠤ ᠪᠠᠨ ᠡᠳ᠋ᠯᠡᠬᠦ︾ ᠪᠣᠯᠭᠠᠨ ᠬᠤᠪᠢᠷᠠᠭᠤᠯᠬᠤ ᠶᠢ ᠠᠬᠢᠭᠤᠯᠪᠠ᠃      ᠨᠡᠶᠢᠭᠡᠮ ᠤᠨ ᠵᠠᠰᠠᠯᠲᠠ ᠶᠢᠨ ᠰᠢᠰᠲ᠋ᠧᠮ ᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠦᠨᠳᠦᠰᠦᠨ ᠱᠠᠲᠤᠨ ᠎ ᠤ ᠨᠡᠶᠢᠭᠡᠮ ᠤᠨ ᠵᠠᠰᠠᠯᠲᠠ ᠶᠢᠨ ᠰᠢᠨ᠎ᠡ ᠶᠢ ᠡᠭᠦᠳᠦᠨ ᠠᠬᠢᠭᠤᠯᠪᠠ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠣᠨ ᠤ ᠪᠠᠶᠢᠴᠠᠭᠠᠯᠲᠠ ᠪᠠ ᠵᠡᠷᠭᠡ ᠳᠡᠰ ᠢ ᠦᠨᠡᠯᠡᠨ ᠵᠢᠱᠢᠬᠦ ᠠᠵᠢᠯ ᠢ ᠴᠢᠩᠭᠠᠳᠬᠠᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ︽ᠬᠤᠶᠠᠷ ᠢ ᠪᠦᠷᠬᠦᠭᠦᠯᠬᠦ︾ ᠲᠤᠰᠬᠠᠶ ᠠᠵᠢᠯᠯᠠᠭ᠎ᠠ ᠶᠢ ᠶᠡᠬᠡᠪᠡᠷ ᠠᠬᠢᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠨᠠᠮ ᠤᠨ ᠬᠤᠷᠢᠶ᠎ᠠ ᠶᠢᠨ ᠬᠠᠯᠠᠨ ᠰᠣᠩᠭᠤᠬᠤ ᠠᠵᠢᠯ ᠢ ᠪᠡᠶᠡᠯᠡᠭᠦᠯᠪᠡ᠃      ᠨᠡᠶᠢᠭᠡᠮ ᠤᠨ ᠬᠡᠷᠡᠭ ᠶᠠᠪᠤᠳᠠᠯ ᠤᠨ ᠰᠢᠰᠲ᠋ᠧᠮ ᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠠᠷᠠᠳ ᠲᠦᠮᠡᠨ ᠎ ᠳᠤ ᠦᠢᠯᠡᠴᠢᠯᠡᠬᠦ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠣᠷᠤᠭ ᠳᠠᠩᠰᠠᠯᠠᠭᠤᠯᠬᠤ ᠠᠷᠠᠳ ᠲᠤ ᠲᠥᠬᠦᠮ ᠦᠵᠡᠭᠦᠯᠵᠦ ᠠᠰᠢᠭ ᠬᠦᠷᠲᠡᠭᠡᠬᠦ ᠦᠶᠯᠡᠴᠢᠯᠡᠭᠡ ᠶᠢ ᠠᠬᠢᠭᠤᠯᠤᠨ᠎ᠠ᠃ ᠤᠷᠤᠭ ᠤᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠵᠤ᠂ ᠡᠶ᠎ᠡ ᠵᠣᠬᠢᠴᠠᠯ ᠲᠠᠢ ᠤᠷᠤᠭ ᠭᠡᠷ ᠪᠦᠯᠢ ᠶᠢ ᠪᠠᠶᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号