ᠡᠵᠡᠨ ᠬᠤᠷᠤᠭ᠎ᠠ ᠬᠤᠰᠢᠭᠤ ︽ᠬᠤᠶᠠᠷ ᠢ ᠪᠠᠭᠤᠷᠠᠭᠤᠯᠬᠤ︾ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠠᠷᠤᠭᠠᠰᠤ ᠶᠢ ᠬᠥᠩᠭᠡᠷᠡᠭᠦᠯᠬᠦ ᠠᠴᠠ ᠪᠢᠰᠢ ᠴᠢᠨᠠᠷ ᠢ ᠥᠯᠥ ᠪᠠᠭᠤᠷᠠᠭᠤᠯᠬᠤ ᠶᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/5/19
     ᠤᠯᠤᠰ ᠤᠨ ︽ᠬᠤᠶᠠᠷ ᠢ ᠪᠠᠭᠤᠷᠠᠭᠤᠯᠬᠤ︾ ᠲᠥᠷᠥ ᠶᠢᠨ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠬᠤ ᠎ ᠶᠢᠨ ᠲᠥᠯᠥᠭᠡ᠂ ᠮᠠᠨ ᠤ ᠬᠤᠰᠢᠭᠤ ᠭᠤᠤᠯᠳᠠᠭᠤ ᠳᠣᠤᠷᠠᠬᠢ ᠠᠷᠭ᠎ᠠ ᠬᠡᠮᠵᠢᠶ᠎ᠡ ᠪᠠᠷ ᠳᠠᠮᠵᠢᠭᠤᠯᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠠᠬᠢᠭᠤᠯᠪᠠ᠃      ᠨᠢᠭᠡ ᠳᠤ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢ ᠴᠢᠩᠭᠠᠳᠬᠠᠨ᠎ᠠ  ᠃      ᠬᠤᠶᠠᠷ ᠲᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ  ᠃      ᠭᠤᠷᠪᠠ ᠳᠤ ᠬᠢᠴᠢᠶᠡᠯ ᠤᠨ ᠳᠠᠷᠠᠭᠠᠬᠢ ᠦᠶᠯᠡᠴᠢᠯᠡᠭᠡ ᠶᠢ ᠪᠥᠬᠦ ᠲᠠᠯ᠎ᠠ ᠪᠠᠷ ᠥᠷᠨᠢᠭᠦᠯᠦᠨ᠎ᠡ  ᠃      ᠳᠥᠷᠪᠡ ᠳᠤ᠂ ︽ᠬᠤᠶᠠᠷ ᠢ ᠪᠠᠭᠤᠷᠠᠭᠤᠯᠬᠤ︾ ᠲᠤᠷᠰᠢᠯᠭ᠎ᠠ ᠰᠣᠯᠢᠯᠴᠠᠬᠤ ᠲᠠᠪᠴᠠᠩ ᠢ ᠪᠠᠶᠢᠭᠤᠯᠵᠤ᠂ ᠪᠥᠬᠦ ᠬᠤᠰᠢᠭᠤᠨ ᠤ ᠳᠤᠮᠳᠠᠳᠤ ᠪᠠᠭ᠎ᠠ ᠰᠤᠷᠭᠠᠭᠤᠯᠢ ᠶᠢᠨ ᠨᠠᠷᠢᠯᠢᠬᠵᠢᠭᠤᠯᠤᠭᠰᠠᠨ ᠬᠠᠮᠢᠶᠠᠷᠤᠯᠲᠠ ᠶᠢᠨ ᠠᠬᠤᠶ ᠲᠠᠯᠠᠪᠠᠶ ᠎ ᠶᠢᠨ ᠬᠤᠷᠠᠯ ᠵᠢᠴᠢ ︽ᠬᠤᠶᠠᠷ ᠢ ᠪᠠᠭᠤᠷᠠᠭᠤᠯᠬᠤ︾ ᠠᠵᠢᠯ ᠤᠨ ᠰᠠᠭᠤᠳᠠᠯ ᠤᠨ ᠬᠤᠷᠠᠯ ᠢ ᠵᠣᠬᠢᠶᠠᠨ ᠪᠠᠶᠢᠭᠤᠯᠬᠤ ᠎ ᠪᠠᠷ ᠳᠠᠮᠵᠢᠭᠤᠯᠤᠨ᠂ ᠰᠤᠷᠭᠠᠭᠤᠯᠢ ᠶᠢᠨ ᠬᠤᠭᠤᠷᠣᠨᠳᠣ ᠪᠠᠨ ᠬᠢᠴᠢᠶᠡᠯ ᠤᠨ ᠲᠠᠩᠬᠢᠮ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ᠂ ᠳᠠᠰᠬᠠᠯ ᠳᠠᠭᠠᠭᠠᠯᠭᠠᠪᠤᠷᠢ ᠶᠢᠨ ᠵᠢᠭᠠᠨ ᠰᠤᠳᠤᠯᠤᠯᠲᠠ ᠵᠡᠷᠭᠡ ᠲᠠᠯ᠎ᠠ ᠶᠢᠨ ᠨᠡᠶᠢᠲᠡᠯᠢᠭ ᠲᠤᠷᠰᠢᠯᠭ᠎ᠠ ᠬᠢᠳᠡᠯ ᠢ ᠬᠤᠪᠢᠶᠠᠯᠴᠠᠨ ᠰᠣᠯᠢᠯᠴᠠᠵᠤ᠂ ᠪᠥᠬᠦ ᠬᠤᠰᠢᠭᠤᠨ ᠤ ᠰᠤᠷᠭᠠᠭᠤᠯᠢ ᠶᠢᠨ ᠳᠠᠰᠬᠠᠯ ᠳᠠᠭᠠᠭᠠᠯᠭᠠᠪᠤᠷᠢ ᠶᠢᠨ ᠬᠠᠮᠢᠶᠠᠷᠤᠯᠲᠠ ᠶᠢᠨ ᠶᠠᠰᠤ ᠴᠢᠨᠠᠷ ᠪᠠ ᠬᠢᠷᠢ ᠲᠦᠪᠰᠢᠨ ᠢ ᠤᠯᠠᠮ ᠨᠢᠭᠡ ᠠᠯᠬᠤᠮ ᠳᠡᠭᠡᠭᠰᠢᠯᠡᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号