ᠡᠵᠡᠨ ᠬᠤᠷᠤᠭ᠎ᠠ ᠬᠤᠰᠢᠭᠤ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢᠨ ᠪᠠᠶᠢᠭᠤᠯᠤᠯᠲᠠ ᠶᠢ ᠦᠨᠡᠨ ᠬᠦ ᠴᠢᠩᠭᠠᠳᠬᠠᠪᠠ
ᠨᠡᠶᠢᠲᠡᠯᠡᠭᠰᠡᠨ ᠴᠠᠭ᠄
2022/5/19
       ᠨᠢᠭᠡ ᠳᠤ᠂ ᠮᠠᠨ ᠤ ᠬᠤᠰᠢᠭᠤᠨ ᠤ ᠬᠠᠷᠢᠶᠠᠲᠤ ᠣᠷᠣᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ 5 ᠪᠠᠶᠢᠵᠤ  ︵ᠬᠤᠲᠠ ᠶᠢᠨ ᠬᠤᠶᠠᠳᠤᠭᠠᠷ ᠡᠮᠨᠡᠯᠭᠡ ᠶᠢᠨ ᠬᠤᠷᠢᠶ᠎ᠠ ᠪᠠᠭᠲᠠᠨ᠎ᠠ︶᠂ ᠡᠳᠦᠷ ᠤᠨ ᠬᠠᠮᠤᠭ ᠤᠨ ᠶᠡᠭᠡ ᠰᠢᠯᠭᠠᠨ ᠪᠠᠶᠢᠴᠠᠭᠠᠯᠲᠠ ᠶᠢᠨ ᠴᠢᠳᠠᠪᠤᠷᠢ 73600 ᠬᠥᠮᠦᠨ ( 1᠄ 10 )᠂ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠯᠲᠠ ᠶᠢᠨ ᠪᠠᠶᠢᠭᠤᠯᠤᠮᠵᠢ ᠶᠢᠨ ᠬᠥᠬᠡᠬᠤᠲᠠ ᠶᠢᠨ ᠳ᠋ᠢ ᠠᠨ ᠠᠨᠠᠭᠠᠬᠤ ᠤᠬᠠᠭᠠᠨ ᠤ ᠰᠢᠯᠭᠠᠨ ᠪᠠᠶᠢᠴᠠᠭᠠᠯᠲᠠ ᠶᠢᠨ ᠭᠠᠵᠠᠷ ᠲᠠᠢ ᠭᠡᠷ᠎ᠡ ᠲᠣᠭᠲᠠᠵᠤ᠂ ᠪᠠᠴᠢᠮ ᠪᠠᠶᠢᠳᠠᠯ ᠳᠣᠤᠷ᠎ᠠ ᠭᠤᠷᠪᠠᠳᠠᠬᠢ ᠡᠲᠡᠭᠡᠳ ᠤᠨ ᠰᠢᠯᠭᠠᠨ ᠪᠠᠶᠢᠴᠠᠭᠠᠯᠲᠠ ᠶᠢ ᠡᠬᠢᠯᠡᠭᠦᠯᠪᠡᠯ᠂ ᠡᠳᠦᠷ ᠤᠨ ᠬᠠᠮᠤᠭ ᠤᠨ ᠶᠡᠭᠡ ᠰᠢᠯᠭᠠᠨ ᠪᠠᠶᠢᠴᠠᠭᠠᠯᠲᠠ ᠶᠢᠨ ᠬᠡᠮᠵᠢᠶ᠎ᠡ 273600 ᠬᠥᠮᠦᠨ ᠳᠤ ᠬᠦᠷᠴᠦ ᠪᠣᠯᠤᠨ᠎ᠠ᠃      ᠬᠤᠶᠠᠷ ᠲᠤ᠂ ᠮᠠᠨ ᠤ ᠵᠥᠪᠯᠡᠯ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢ ᠶᠡᠭᠡ ᠪᠠᠷ ᠠᠬᠢᠭᠤᠯᠬᠤ ᠶᠠᠪᠤᠴᠠ ᠳᠤ᠂ ᠲᠤᠷᠰᠢᠯᠲᠠ ᠶᠢᠨ ᠲᠠᠰᠤᠭ ᠤᠨ ᠶᠠᠰᠤ ᠴᠢᠨᠠᠷ ᠪᠠ ᠠᠮᠢᠳᠤ ᠪᠣᠳᠠᠰ ᠤᠨ ᠠᠮᠤᠷ ᠲᠦᠪᠰᠢᠨ ᠤ ᠬᠠᠮᠢᠶᠠᠷᠤᠯᠲᠠ ᠶᠢ ᠴᠢᠬᠤᠯᠠᠴᠢᠯᠠᠵᠤ᠂ ᠠᠮᠢᠳᠤ ᠪᠣᠳᠠᠰ ᠤᠨ ᠠᠮᠤᠷ ᠲᠦᠪᠰᠢᠨ ᠪᠠ ᠶᠠᠰᠤ ᠴᠢᠨᠠᠷ ᠢ ᠡᠵᠡᠮᠳᠡᠬᠦ ᠣᠯᠠᠨ ᠲᠤᠰᠬᠠᠶ ᠮᠡᠷᠭᠡᠵᠢᠯᠲᠡᠨ ᠤ ᠵᠢᠯᠣᠭᠤᠳᠬᠤ ᠳᠤᠭᠤᠶᠢᠯᠠᠩ ᠪᠠᠶᠢᠭᠤᠯᠵᠤ᠂ 2022 ᠣᠨ ᠤ 1 ᠰᠠᠷ᠎ᠠ ᠶᠢᠨ 18᠎ ᠤ ᠡᠳᠦᠷ ᠠᠴᠠ 22᠎ ᠤᠨ ᠡᠳᠦᠷ ᠎ ᠤᠨ ᠬᠤᠭᠤᠷᠣᠨᠳᠣ ᠪᠥᠬᠦ ᠬᠤᠰᠢᠭᠤᠨ ᠤ ᠪᠥᠭᠡᠮ ᠬᠦᠴᠢᠯ ᠤᠨ ᠰᠢᠯᠭᠠᠨ ᠪᠠᠶᠢᠴᠠᠭᠠᠯᠲᠠ ᠶᠢᠨ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠪᠠ ᠥᠯᠢᠭᠡᠷ ᠠᠪᠬᠤ ᠮᠡᠷᠭᠡᠵᠢᠯ ᠤᠨ ᠪᠣᠯᠪᠠᠰᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠠᠶᠢᠭᠤᠯᠤᠮᠵᠢ ᠶᠢᠨ ᠥᠯᠢᠭᠡᠷ ᠠᠪᠬᠤ᠂ ᠰᠢᠯᠭᠠᠨ ᠪᠠᠶᠢᠴᠠᠭᠠᠬᠤ ᠶᠢ ᠵᠢᠷᠤᠮᠵᠢᠭᠤᠯᠬᠤ ᠶᠢ ᠵᠢᠯᠣᠭᠤᠳᠪᠠ᠃      ᠭᠤᠷᠪᠠ ᠳᠤ᠂ ᠮᠠᠨ ᠤ ᠬᠤᠰᠢᠭᠤ ᠨᠢ ᠪᠥᠭᠡᠮ ᠬᠦᠴᠢᠯ ᠤᠨ ᠪᠠᠶᠢᠴᠠᠭᠠᠨ ᠰᠢᠯᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠬᠤᠰᠢᠭᠤ ᠠᠷᠠᠳ ᠤᠨ ᠡᠮᠨᠡᠯᠭᠡ ᠶᠢᠨ ᠬᠤᠷᠢᠶ᠎ᠠ᠂ ᠬᠤᠰᠢᠭᠤ ᠮᠣᠩᠭᠤᠯ ᠡᠮᠨᠡᠯᠭᠡ ᠶᠢᠨ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ ᠨᠢ 24 ᠴᠠᠭ ᠤᠨ ᠪᠥᠭᠡᠮ ᠬᠦᠴᠢᠯ ᠎ ᠤᠨ ᠪᠠᠶᠢᠴᠠᠭᠠᠨ ᠰᠢᠯᠭᠠᠬᠤ ᠠᠵᠢᠯ ᠢ ᠬᠠᠩᠭᠠᠵᠤ᠂ ᠮᠠᠨ ᠤ ᠬᠤᠰᠢᠭᠤᠨ ᠤ 4 ᠪᠠᠶᠢᠴᠠᠭᠠᠨ ᠰᠢᠯᠭᠠᠬᠤ ᠪᠠᠶᠢᠭᠤᠯᠤᠮᠵᠢ ᠨᠢ ᠡᠳᠦᠷ ᠲᠤ 5 ᠠᠳᠠᠯᠢ ᠪᠤᠰᠤ ᠴᠠᠭ ᠬᠤᠭᠤᠴᠠᠭ᠎ᠠ ᠬᠤᠪᠢᠶᠠᠨ ᠪᠠᠶᠢᠴᠠᠭᠠᠨ ᠰᠢᠯᠭᠠᠵᠤ᠂ ᠮᠠᠨ ᠤ ᠬᠤᠰᠢᠭᠤ ᠨᠢ ᠡᠳᠦᠷ ᠪᠦᠷᠢ 4000 ᠬᠤᠪᠢ ᠣᠷᠴᠢᠮ ᠪᠠᠶᠢᠴᠠᠭᠠᠨ ᠰᠢᠯᠭᠠᠵᠤ᠂ ᠰᠤᠷᠤᠯᠭ᠎ᠠ ᠪᠠᠨ ᠰᠡᠷᠭᠦᠭᠡᠬᠦ᠂ ᠠᠵᠢᠯ ᠢᠶᠠᠨ ᠰᠡᠷᠭᠦᠭᠡᠬᠦ᠂ ᠦᠶᠯᠡᠳᠪᠦᠷᠢᠯᠡᠯ ᠢᠶᠠᠨ ᠰᠡᠷᠭᠦᠭᠡᠬᠦ ᠵᠡᠷᠭᠡ ᠨᠡᠶᠢᠭᠡᠮ ᠤᠨ ᠬᠡᠷᠡᠭᠴᠡᠭᠡ ᠱᠠᠭᠠᠷᠳᠠᠯᠭ᠎ᠠ ᠶᠢ ᠪᠠᠶᠢᠴᠠᠭᠠᠨ ᠰᠢᠯᠭᠠᠬᠤ ᠳᠤ ᠴᠠᠭ ᠲᠤᠬᠠᠶ ᠳᠤᠨᠢ ᠪᠠᠶᠢᠴᠠᠭᠠᠨ ᠰᠢᠯᠭᠠᠬᠤ ᠪᠠᠲᠤᠯᠠᠭ᠎ᠠ ᠬᠠᠩᠭᠠᠬᠤ ᠶᠢᠨ ᠬᠠᠮᠲᠤ ︽ᠪᠠᠶᠢᠴᠠᠭᠠᠬᠤ ᠶᠣᠰᠣᠲᠠᠶ ᠶᠢ ᠨᠢ ᠪᠦᠬᠦᠨ ᠢ ᠪᠠᠶᠢᠴᠠᠭᠠᠬᠤ︾᠂ ︽ᠴᠠᠭ ᠲᠤᠨᠢ ᠲᠣᠬᠢᠷᠠᠭᠤᠯᠤᠨ ᠰᠤᠭᠤᠴᠢᠨ ᠪᠠᠶᠢᠴᠠᠭᠠᠬᠤ︾᠂ ︽ᠪᠠᠶᠢᠴᠠᠭᠠᠬᠤ ᠳᠤᠷᠠᠲᠠᠶ ᠶᠢ ᠨᠢ ᠪᠦᠬᠦᠨ ᠢ ᠪᠠᠶᠢᠴᠠᠭᠠᠬᠤ︾ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃      ᠳᠥᠷᠪᠡ ᠳᠤ᠂ ᠶᠡᠭᠡ ᠬᠡᠪᠴᠢᠶᠡᠨ ᠤ ᠪᠥᠭᠡᠮ ᠬᠦᠴᠢᠯ ᠢ ᠰᠢᠯᠭᠠᠨ ᠪᠠᠶᠢᠴᠠᠭᠠᠬᠤ ᠴᠢᠳᠠᠪᠤᠷᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠣᠷᠣᠨ ᠪᠦᠰᠡ ᠶᠢᠨ ᠵᠦᠶ ᠵᠣᠬᠢᠰᠲᠠᠶ ᠪᠠᠶᠢᠷᠢᠯᠠᠭᠤᠯᠤᠯᠲᠠ ᠶᠣᠰᠣᠭᠠᠷ ᠥᠯᠢᠭᠡᠷ ᠠᠪᠬᠤ ᠴᠡᠭ ᠭᠠᠷᠭᠠᠵᠤ᠂ ᠥᠯᠢᠭᠡᠷ ᠠᠪᠬᠤ ᠴᠡᠭ ᠨᠢᠭᠡᠪᠦᠷᠢ ᠳᠤ ᠬᠥᠮᠦᠨ ᠠᠮᠠ ᠎ ᠶᠢᠨ ᠣᠷᠣᠨ ᠰᠠᠭᠤᠴᠠ ᠶᠢᠨ ᠬᠡᠮᠵᠢᠶ᠎ᠡ ᠶᠢ ᠦᠨᠳᠦᠰᠦᠯᠡᠨ ᠥᠯᠢᠭᠡᠷ ᠠᠪᠬᠤ ᠲᠠᠶᠢᠰᠠ ᠶᠢ ᠵᠦᠶ ᠵᠣᠬᠢᠰᠲᠠᠶ ᠪᠠᠶᠢᠷᠢᠯᠠᠭᠤᠯᠵᠤ᠂ ᠮᠠᠨ ᠤ ᠬᠤᠰᠢᠭᠤᠨ ᠤ 7 ᠪᠠᠯᠭᠠᠰᠤᠨ ᠎ ᠳᠤ ᠨᠡᠶᠢᠲᠡ 163 ᠥᠯᠢᠭᠡᠷ ᠠᠪᠬᠤ ᠴᠡᠭ᠂ 254 ᠥᠯᠢᠭᠡᠷ ᠠᠪᠬᠤ ᠲᠠᠶᠢᠰᠠ ᠭᠠᠷᠭᠠᠵᠤ᠂ 513 ᠥᠯᠢᠭᠡᠷ ᠠᠪᠬᠤ ᠠᠵᠢᠯᠲᠠᠨ᠂ 631 ᠮᠡᠳᠡᠭᠡ ᠵᠠᠩᠭᠢ ᠣᠷᠣᠭᠤᠯᠬᠤ ᠠᠵᠢᠯᠲᠠᠨ᠂ 272 ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ 281 ᠡᠮᠬᠢ ᠵᠢᠷᠤᠮ ᠢ ᠬᠠᠮᠠᠭᠠᠯᠠᠬᠤ ᠵᠢᠴᠢ ᠰᠠᠶᠢᠨ ᠳᠤᠷ᠎ᠠ ᠶᠢᠨ ᠠᠵᠢᠯᠯᠠᠭᠴᠢ ᠂ 80 ᠲᠡᠷᠭᠡ  ︵ᠡᠭᠦᠨ ᠳᠤ ᠪᠡᠯᠡᠳᠬᠡᠯ ᠲᠡᠷᠭᠡ 12 ᠪᠣᠶ︶᠂ 80 ᠥᠯᠢᠭᠡᠷ ᠡᠳ᠋ ᠬᠠᠮᠠᠭᠠᠯᠠᠨ ᠬᠦᠷᠭᠡᠬᠦ ᠠᠵᠢᠯᠲᠠᠨ ᠲᠠᠢ  ᠃ ᠪᠦᠬᠦ ᠬᠥᠮᠦᠰ ᠲᠤ ᠪᠣᠳᠠᠲᠠᠶ ᠪᠣᠯᠪᠠᠰᠤᠷᠠᠯ ᠬᠢᠵᠦ᠂ ᠬᠥᠮᠦᠰ ᠢ ᠨᠢᠭᠡ ᠨᠢᠭᠡ ᠪᠠᠷ ᠲᠣᠬᠢᠷᠠᠭᠤᠯᠤᠨ ᠨᠠᠶᠢᠳᠠᠪᠤᠷᠢᠵᠢᠭᠤᠯᠪᠠ᠃
ᠢᠷᠡᠯᠲᠡ᠄ ᠲᠤᠰ ᠰᠦᠯᠵᠢᠶ᠎ᠡ