ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠮᠡᠬᠡᠯᠡᠯ ᠢ ᠡᠰᠡᠷᠭᠦᠴᠡᠬᠦ ᠠᠵᠢᠯᠯᠠᠭ᠎ᠠ ᠡᠮᠬᠢ ᠵᠢᠷᠤᠮ ᠲᠠᠢ ᠶᠠᠪᠤᠭᠳᠠᠵᠤ ᠪᠠᠶᠢᠨ᠎ᠠ
ᠨᠡᠶᠢᠲᠡᠯᠡᠭᠰᠡᠨ ᠴᠠᠭ᠄
2022/5/20
     ᠪᠥᠬᠦ ᠠᠷᠠᠳ ᠤᠨ ᠮᠡᠬᠡᠯᠡᠯ ᠢ ᠡᠰᠡᠷᠭᠦᠴᠡᠬᠦ ᠶᠢ ᠦᠷᠭᠦᠯᠵᠢᠯᠡᠨ ᠠᠬᠢᠭᠤᠯᠵᠤ᠂ ᠴᠠᠬᠢᠯᠭᠠᠨ ᠬᠤᠯᠪᠣᠭ᠎ᠠ ᠰᠦᠯᠵᠢᠶᠡᠨ ᠤ ᠮᠡᠬᠡᠯᠡᠯ ᠤᠨ ᠬᠡᠷᠡᠭ ᠣᠯᠠᠨ ᠡᠭᠦᠰᠬᠦ ᠪᠠᠶᠢᠳᠠᠯ ᠢ ᠡᠷᠡᠰ ᠬᠤᠷᠢᠭᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠬᠦᠴᠦᠨ ᠢᠶᠠᠨ ᠲᠥᠪᠯᠡᠷᠡᠭᠦᠯᠦᠨ᠂ ᠪᠥᠬᠦ ᠴᠠᠭᠳᠠᠭ᠎ᠠ ᠬᠥᠳᠡᠯᠦᠯᠴᠡᠵᠦ᠂ ᠳᠡᠭᠡᠳᠦ ᠱᠠᠲᠤᠨ ᠤ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠬᠤ ᠶᠢᠨ ᠬᠠᠮᠲᠤ᠂ ᠬᠠᠷᠢᠶᠠᠲᠤ ᠣᠷᠣᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠡᠲᠡᠭᠡᠳ ᠤᠨ ᠬᠦᠴᠦᠨ ᠢ ᠭᠦᠶᠴᠡᠳ ᠳᠠᠶᠢᠴᠢᠯᠠᠵᠤ᠂ ᠴᠠᠭ ᠵᠥᠷᠢᠭᠦᠯᠦᠨ ᠡᠷᠦᠬᠡ ᠳᠤ ᠣᠷᠣᠭᠤᠯᠬᠤ ᠵᠡᠷᠭᠡ ᠤᠬᠠᠭᠤᠯᠭ᠎ᠠ ᠶᠢᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠎ ᠶᠢᠨ ᠭᠦᠨ ᠵᠤᠵᠠᠭᠠᠨ ᠠᠭᠤᠷ ᠠᠮᠢᠰᠬᠤᠯ ᠢ ᠪᠥᠬᠦ ᠬᠦᠴᠦᠨ ᠢᠶᠠᠷ ᠢᠶᠠᠨ ᠪᠣᠶ ᠪᠣᠯᠭᠠᠪᠠ᠃      ᠡᠯ᠎ᠡ ᠬᠤᠳᠠᠯᠳᠤᠭᠠᠨ ᠤ ᠲᠣᠣᠷ ᠴᠢᠭ᠂ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠡᠵᠡᠩᠨᠡᠯᠲᠡ ᠪᠠ ᠠᠵᠢᠯ ᠤᠨ ᠬᠤᠭᠤᠴᠠᠭᠠᠨ ᠳᠤ᠂ ᠵᠡᠭᠡᠯᠢ ᠳᠠᠭᠠᠤ ᠬᠤᠳᠠᠯᠳᠤᠭ᠎ᠠ ᠳᠡᠯᠭᠡᠭᠦᠷ᠂ ᠲᠦᠷᠢᠶᠡᠰᠦᠨ ᠭᠡᠷ᠂ ᠨᠢᠬᠡᠴᠢ᠂ ᠦᠢᠯᠡᠳᠪᠦᠷᠢ ᠠᠭᠤᠷᠬᠠᠶ ᠠᠵᠤ ᠠᠬᠤᠶᠢᠯᠠᠯ ᠢ ᠲᠥᠪᠯᠡᠷᠡᠭᠦᠯᠦᠨ ᠨᠢᠭᠡᠳ ᠨᠢᠭᠡ ᠪᠠᠷ ᠰᠤᠷᠪᠤᠯᠵᠢᠯᠠᠵᠤ᠂ ︽ᠭᠤᠷᠪᠠ ᠶᠢ ᠪᠠᠶᠢᠴᠠᠭᠠᠵᠤ ᠨᠢᠭᠡ ᠶᠢ ᠡᠵᠡᠮᠳᠡᠬᠦ︾ ᠲᠤᠰᠬᠠᠶ ᠠᠵᠢᠯ ᠲᠠᠢ ᠤᠶᠠᠯᠳᠤᠭᠤᠯᠤᠨ᠂ ᠮᠡᠬᠡᠯᠡᠯ ᠢ ᠡᠰᠡᠷᠭᠦᠴᠡᠬᠦ ᠤᠬᠠᠭᠤᠯᠭ᠎ᠠ ᠎ ᠶᠢᠨ ᠮᠠᠲ᠋ᠧᠷᠢᠶᠠᠯ ᠢ ᠣᠯᠠᠨ ᠲᠦᠮᠡᠨ ᠳᠤ ᠬᠦᠷᠭᠡᠵᠦ᠂ ᠮᠡᠬᠡᠯᠡᠯ ᠢ ᠡᠰᠡᠷᠭᠦᠴᠡᠬᠦ ᠦᠵᠡᠯᠲᠡ ᠶᠢ ᠣᠯᠠᠨ ᠲᠦᠮᠡᠨ ᠳᠤ ᠰᠤᠷᠳᠠᠯᠴᠢᠯᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号