| | ᠤᠯᠠᠭᠠᠨᠮᠦ᠋ᠷᠡᠨ ᠦᠵᠡᠮᠵᠢ ᠶᠢᠨ ᠨᠠᠭᠤᠷ | | ᠤᠯᠠᠭᠠᠨᠮᠦ᠋ᠷᠡᠨ ᠦᠵᠡᠮᠵᠢ ᠶᠢᠨ ᠨᠠᠭᠤᠷ ᠠᠯᠲᠠᠨᠰᠢᠷᠡᠭᠡ ᠪᠠᠯᠭᠠᠰᠤ ᠪᠤᠯᠤᠨ ᠭᠢᠶ᠎ᠠ ᠪᠠᠭᠰᠢ ᠰᠢᠨ᠎ᠡ ᠲᠤᠭᠤᠷᠢᠭ ᠤᠨ ᠬᠤᠭᠤᠷᠤᠨᠳᠤᠬᠢ ᠤᠯᠠᠭᠠᠨᠮᠦ᠋ᠷᠡᠨ ᠭᠤᠤᠯ | ᠳᠡᠭᠡᠷ᠎ᠡ ᠪᠤᠢ᠃ ᠶᠡᠷᠦᠩᠭᠡᠢ ᠲᠠᠯᠠᠪᠠᠢ ᠨᠢ 7 ᠳᠡᠭᠰᠢ ᠲᠦᠷᠪᠡᠯᠵᠢᠨ ᠺᠢᠯᠤᠮᠧᠲᠷ᠃ ᠬᠤᠶᠠᠷ ᠲᠡᠩᠭᠡᠯᠢᠭ᠂ ᠬᠤᠶᠠᠷ ᠪᠦᠰᠡ᠂ ᠭᠤᠷᠪᠠᠨ ᠲᠤᠭᠤᠷᠢᠭ᠂ ᠵᠢᠷᠭᠤᠭᠠᠨ | ᠵᠠᠩᠭᠢᠯᠠᠭ᠎ᠠ ᠶᠢᠨ ᠴᠢᠭ ᠢᠶᠠᠷ ᠪᠦᠷᠢᠯᠳᠦᠵᠦ᠂ ︽ᠲᠠᠯ᠎ᠠ ᠨᠤᠲᠤᠭ ᠤᠨ ᠤᠲᠤᠬᠢᠴᠢᠯᠠᠬᠰᠠᠨ ᠬᠤᠲᠠ ᠶᠢᠨ ᠲᠦᠪ᠂ ᠡᠯᠡᠰᠦᠨ ᠴᠦᠯ ᠤᠨ ᠤᠷᠲᠤ ᠮᠦᠷᠡᠨ ᠤ ᠰᠢᠨ᠎ᠡ | ᠦᠵᠡᠮᠵᠢ︾ ᠶᠢᠨ ᠭᠡᠪ ᠲᠦᠷᠰᠦ ᠶᠢ ᠲᠤᠪᠤᠶᠢᠯᠭᠠᠵᠠᠢ᠃ ᠬᠤᠶᠠᠷ ᠲᠡᠩᠭᠡᠯᠢᠭ ᠨᠢ᠄ ᠬᠤᠲᠠ ᠪᠠᠯᠭᠠᠰᠤᠨ ᠤ ᠦᠩᠭᠡ ᠦᠵᠡᠮᠵᠢ ᠶᠢᠨ ᠭᠤᠤᠯ ᠲᠡᠩᠭᠡᠯᠢᠭ᠂ ᠮᠤᠷᠤᠢ | ᠲᠡᠩᠭᠡᠯᠢᠭ ᠪᠤᠯᠤᠨ᠎ᠠ᠃ ᠬᠤᠶᠠᠷ ᠪᠦᠰᠡ ᠨᠢ᠄ ᠬᠤᠶᠢᠲᠤ ᠡᠷᠭᠢ ᠶᠢᠨ ᠦᠵᠡᠮᠵᠢ ᠶᠢᠨ ᠪᠦᠰᠡ᠂ ᠡᠮᠦᠨ᠎ᠡ ᠡᠷᠭᠢ ᠶᠢᠨ ᠦᠵᠡᠮᠵᠢ ᠶᠢᠨ ᠪᠦᠰᠡ ᠪᠤᠯᠤᠨ᠎ᠠ᠃ ᠭᠤᠷᠪᠠᠨ | ᠲᠤᠭᠤᠷᠢᠭ ᠨᠢ᠄ ᠨᠠᠭᠤᠷ ᠤᠨ ᠲᠡᠭᠡᠲᠦ ᠭᠡᠰᠡᠭ ᠤᠨ ᠦᠵᠡᠮᠵᠢ ᠶᠢᠨ ᠲᠤᠭᠤᠷᠢᠭ᠂ ᠨᠠᠭᠤᠷ ᠤᠨ ᠲᠤᠮᠲᠠ ᠭᠡᠰᠡᠭ ᠤᠨ ᠶᠡᠷᠦᠩᠭᠡᠶᠢᠯᠡᠭᠰᠡᠨ ᠦᠵᠡᠮᠵᠢ ᠶᠢᠨ ᠲᠤᠭᠤᠷᠢᠭ᠂ | ᠨᠠᠭᠤᠷ ᠤᠨ ᠲᠤᠤᠷᠠᠲᠤ ᠭᠡᠰᠡᠭ ᠤᠨ ᠠᠮᠢ ᠠᠬᠤᠢ ᠶᠢᠨ ᠰᠡᠯᠡᠭᠦᠴᠡᠯ ᠤᠨ ᠲᠤᠭᠤᠷᠢᠭ ᠵᠡᠷᠭᠡ ᠪᠤᠯᠤᠨ᠎ᠠ᠃ ᠵᠢᠷᠭᠤᠭᠠᠨ ᠵᠠᠩᠭᠢᠯᠭ᠎ᠠ ᠶᠢᠨ ᠴᠢᠭ ᠨᠢ᠄ ᠶᠡᠭᠡ ᠭᠦᠷᠭᠢᠷ᠎ᠡ | ᠶᠢᠨ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠳᠡᠭᠰᠢ ᠲᠠᠯ᠎ᠠ ᠶᠢᠨ ᠴᠡᠩᠭᠡᠭ ᠤᠰᠤᠨ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠰᠤᠶᠤᠯ ᠤᠨ | ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠲᠢᠶᠡᠨ ᠱᠦᠢ ᠲᠠ ᠲᠤᠷᠠᠰᠬᠠᠯ ᠤᠨ ᠠᠭᠤᠳᠠᠮ ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠰᠡᠯᠡᠭᠦᠴᠡᠯ ᠠᠭᠤᠳᠠᠮ | ᠲᠠᠯᠠᠪᠠᠢ ᠶᠢᠨ ᠵᠠᠩᠭᠢᠯᠠᠭ᠎ᠠ ᠶᠢᠨ ᠴᠢᠭ᠂ ᠤᠯᠠᠭᠠᠨ ᠰᠡᠶᠢᠷ ᠴᠢᠯᠠᠭᠤᠨ ᠭᠠᠵᠠᠷ ᠵᠦᠢ ᠶᠢᠨ ᠦᠵᠡᠮᠵᠢ ᠶᠢᠨ ᠤᠷᠤᠨ ᠤ ᠵᠠᠩᠭᠢᠯᠠᠭ᠎ᠠ ᠶᠢᠨ ᠴᠢᠭ ᠵᠡᠷᠭᠡ ᠪᠤᠯᠤᠨ᠎ᠠ᠃ | | | | | | | | | |