ᠡᠤ ᠶᠦᠨ ᠪᠥᠬᠦ ᠬᠤᠰᠢᠭᠤᠨ ᠤ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠢ ᠲᠣᠬᠢᠷᠠᠭᠤᠯᠪᠠ
ᠨᠡᠶᠢᠲᠡᠯᠡᠭᠰᠡᠨ ᠴᠠᠭ᠄
2022/6/24
     6 ᠳ᠋ᠤᠭᠠᠷ ᠰᠠᠷ᠎ᠠ ᠶᠢᠨ 23᠎ ᠤ ᠡᠳᠦᠷ᠂ ᠬᠤᠰᠢᠭᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤ ᠳᠠᠷᠤᠭ᠎ᠠ ᠡᠤ ᠶᠦᠨ ᠪᠥᠬᠦ ᠬᠤᠰᠢᠭᠤᠨ ᠤ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠤᠨ ᠵᠢᠷᠭᠤᠳᠤᠭᠠᠷ ᠤᠳᠠᠭᠠᠨ ᠤ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ᠨᠡᠭᠡᠭᠡᠯᠲᠡ ᠶᠢᠨ ᠲᠣᠭᠤᠷᠢᠭ ᠤᠨ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠥᠰᠦᠯ ᠪᠠ ᠲᠠᠩᠰᠠ ᠲᠠᠢ ᠬᠠᠷᠭᠤᠭᠤᠯᠵᠤ᠂ ᠬᠦᠴᠢᠷ ᠠᠰᠠᠭᠤᠳᠠᠯ ᠢ ᠵᠤᠷᠪᠤᠰ ᠳᠠᠷᠠᠭᠠᠯᠠᠨ ᠰᠤᠳᠤᠯᠤᠨ ᠰᠢᠢᠳᠪᠦᠷᠢᠯᠡᠪᠡ᠃      ᠦ᠋ ᠶᠦᠨ ᠶᠠᠷᠢᠬᠤ ᠳᠠᠭᠠᠨ᠂ ᠨᠡᠭᠡᠭᠡᠯᠲᠡ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠪᠣᠭᠤᠮᠲᠠ ᠰᠢᠪᠲᠤᠯᠬᠤ ᠱᠠᠲᠤᠨ ᠳᠤ ᠣᠷᠣᠵᠤ᠂ ᠡᠯ᠎ᠡ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭᠠᠲᠤ ᠰᠠᠯᠠᠭ᠎ᠠ ᠮᠥᠴᠢᠷ ᠪᠣᠯᠤᠨ ᠠᠵᠤ ᠠᠬᠤᠶᠢᠯᠠᠯ ᠤᠨ ᠬᠠᠷᠢᠭᠤᠴᠠᠯᠭᠠᠲᠠᠨ ᠠᠷᠭ᠎ᠠ ᠬᠡᠮᠵᠢᠶ᠎ᠡ ᠪᠠᠨ ᠤᠯᠠᠮ ᠴᠢᠨᠠᠭᠰᠢᠳᠠ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠴᠠᠭ ᠤᠨ ᠬᠢᠵᠠᠭᠠᠷ ᠢ ᠴᠢᠩᠭ᠎ᠠ ᠵᠢᠷᠤᠮᠯᠠᠨ ᠳ᠋ᠤᠭᠠᠷ ᠬᠠᠰᠤᠬᠤ ᠶᠢ ᠠᠬᠢᠭᠤᠯᠵᠤ᠂ 6 ᠰᠠᠷ᠎ᠠ ᠶᠢᠨ ᠰᠡᠭᠦᠯᠴᠢ ᠠᠴᠠ ᠡᠮᠦᠨ᠎ᠡ ᠣᠲᠣ ᠶᠢᠨ ᠣᠷᠣᠰᠢᠵᠤ ᠪᠠᠶᠢᠭ᠎ᠠ ᠠᠰᠠᠭᠤᠳᠠᠯ ᠢ ᠪᠣᠳᠠᠲᠠᠶ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠬᠤ ᠬᠡᠷᠡᠭᠲᠡᠶ᠃ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ ᠪᠠ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠵᠤ᠂ ᠳᠡᠭᠡᠳᠦ ᠱᠠᠲᠤᠨ ᠤ ᠡᠭᠦᠷᠭᠡ ᠴᠢᠳᠠᠪᠬᠢᠳᠦ ᠰᠠᠯᠠᠭ᠎ᠠ ᠮᠥᠴᠢᠷ ᠵᠢᠴᠢ ᠬᠤᠯᠪᠣᠭᠳᠠᠯ ᠪᠦᠬᠦᠢ ᠠᠵᠤ ᠠᠬᠤᠶᠢᠯᠠᠯ ᠯᠤᠭ᠎ᠠ ᠶᠢᠨ ᠵᠣᠯᠭᠠᠯᠴᠠᠭ᠎ᠠ ᠶᠢ ᠴᠢᠩᠭᠠᠳᠬᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢ᠊ ᠡᠶ᠎ᠡ ᠶᠢ ᠦᠨᠡᠨ ᠬᠦ ᠣᠨᠣᠴᠠᠲᠠᠢ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠨᠡᠭᠡᠭᠡᠯᠳᠠ ᠶᠢᠨ ᠣᠷᠣᠨ ᠤ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃      ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠤᠯᠪᠣᠭᠳᠠᠯ ᠪᠥᠬᠦᠶ ᠤᠳᠤᠷᠢᠳᠤᠯᠭ᠎ᠠ ᠵᠢᠴᠢ ᠬᠠᠮᠢᠶ᠎ᠠ ᠪᠥᠬᠦᠶ ᠪᠠᠯᠭᠠᠰᠤ᠂ ᠰᠠᠯᠠᠭ᠎ᠠ ᠮᠥᠴᠢᠷ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号