ᠬᠥᠳᠡᠯᠮᠦᠷᠢ ᠶᠢᠨ ᠵᠢᠱᠢᠶᠡᠴᠢ ᠶᠢᠨ ᠴᠤᠭ ᠵᠢᠪᠬᠤᠭ᠎ᠠ | ᠮᠠᠯᠴᠢᠨ ᠲᠠᠷᠢᠶᠠᠴᠢᠨ ᠤ ᠴᠢᠨᠡᠬᠡᠯᠢᠭᠵᠢᠯ ᠤᠨ ᠬᠤᠰᠢᠭᠤᠴᠢ ᠳ᠋ᠠᠨᠢᠰᠳᠠ | | | | 2015 ᠣᠨ ᠤ ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ ᠶᠢᠨ ᠵᠢᠱᠢᠶᠡᠴᠢ | ᠳ᠋ᠠᠨᠢᠰᠳᠠ᠂ ᠡᠷᠡᠭᠲᠡᠶ᠂ ᠮᠣᠩᠭᠤᠯ ᠦᠨᠳᠦᠰᠦᠲᠡᠨ᠂ 1960 ᠣᠨ ᠤ 9 ᠰᠠᠷ᠎ᠠ ᠳᠤ ᠳᠦᠷᠦᠵᠡᠶ᠂ ᠵᠠᠰᠠᠭ | ᠪᠠᠯᠭᠠᠰᠤ ᠶᠢᠨ ᠲᠤᠶᠢᠭ ᠭᠠᠴᠠᠭᠠᠨ ᠤ ᠳᠥᠷᠪᠡᠳᠦᠭᠡᠷ ᠬᠤᠷᠰᠢᠶ᠎ᠠ ᠶᠢᠨ ᠲᠠᠷᠢᠶᠠᠴᠢᠨ᠃ ᠡᠵᠡᠨ ᠬᠤᠷᠤᠭ᠎ᠠ | ᠬᠤᠰᠢᠭᠤᠨ ᠤ ᠵᠠᠰᠠᠭ ᠪᠠᠯᠭᠠᠰᠤ ᠶᠢᠨ ᠲᠤᠶᠢᠭ ᠭᠠᠴᠠᠭ᠎ᠠ 2011 ᠣᠨ ᠳᠤ ᠪᠥᠬᠦ ᠮᠠᠯᠴᠢᠨ ᠲᠠᠷᠢᠶᠠᠴᠢᠳ ᠤᠨ ᠪᠠᠯᠠ | ᠮᠥᠩᠭᠦ ᠴᠤᠭᠯᠠᠭᠤᠯᠤᠨ ᠪᠠᠶᠢᠭᠤᠯᠤᠭᠰᠠᠨ ︽ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ︾ ᠮᠠᠶ᠋ᠢᠭ ᠤᠨ | ᠲᠣᠰᠬᠤᠨ ᠤ ᠬᠠᠮᠲᠤ ᠶᠢᠨ ᠠᠵᠤ ᠠᠬᠤᠶ ᠶᠢᠨ ᠬᠥᠳᠡᠯᠮᠦᠷᠢ ᠦᠢᠯᠡᠴᠢᠯᠡᠬᠡᠨ ᠤ ᠺᠣᠮᠫᠠᠨᠢ ᠶᠢ ᠳᠠᠩᠰᠠᠯᠠᠭᠤᠯᠵᠤ᠂ | ᠺᠣᠮᠫᠠᠨᠢ ᠪᠠᠶᠢᠭᠤᠯᠤᠭᠳᠠᠭᠰᠠᠨ ᠠᠴᠠ ᠨᠠᠰᠢ᠂ ᠳ᠋ᠠᠨᠢᠰᠳᠠ ᠨᠥᠬᠦᠷ ᠤᠨ ᠰᠢᠷᠭᠠᠭᠤ ᠬᠠᠲᠠᠭᠤᠵᠢᠯᠲᠠᠶ ᠡᠵᠡᠩᠨᠡᠯᠲᠡ ᠶᠢᠨ | ᠳᠠᠭᠠᠭᠤᠯᠤᠭᠴᠢ ᠶᠢᠨ ᠳᠤᠤᠷ᠎ᠠ᠂ ᠬᠤᠪᠢ ᠪᠦᠷᠢ ᠳᠤ ᠨᠡᠶᠢᠲᠡ 3 ᠲᠦᠮᠡ ᠭᠠᠷᠤᠶ ᠲᠥᠭᠦᠷᠢᠭ ᠤᠨ ᠠᠰᠢᠭ | ᠬᠤᠪᠢᠶᠠᠷᠢᠯᠠᠵᠤ᠂ ᠪᠣᠳᠠᠲᠠᠶ ᠳᠡᠭᠡᠷ᠎ᠡ ᠪᠠᠨ ᠮᠠᠯᠴᠢᠨ ᠲᠠᠷᠢᠶᠠᠴᠢᠨ ᠤ ᠠᠵᠤ ᠠᠬᠤᠶ ᠶᠢᠨ ᠣᠷᠣᠯᠭ᠎ᠠ ᠶᠢ ᠳᠡᠭᠡᠭᠰᠢᠯᠡᠭᠦᠯᠪᠡ | ᠃ ᠡᠭᠦᠨ ᠤ ᠬᠠᠮᠲᠤ ᠵᠢᠷᠭᠠᠯᠲᠤ ᠲᠠᠷᠢᠵᠤ ᠲᠡᠵᠢᠭᠡᠬᠦ ᠬᠤᠷᠰᠢᠶ᠎ᠠ ᠶᠢ ᠲᠦᠷᠦᠭᠦᠯᠡᠨ ᠪᠡᠯᠡᠳᠬᠡᠨ ᠪᠠᠶᠢᠭᠤᠯᠵᠤ᠂ | ᠬᠤᠷᠰᠢᠶ᠎ᠠ ᠨᠢᠭᠡᠨᠲᠡ 900 ᠭᠠᠷᠤᠶ ᠲᠦᠮᠡᠨ ᠲᠥᠭᠦᠷᠢᠭ ᠤᠨ ᠪᠡᠯᠡ ᠣᠷᠣᠭᠤᠯᠵᠤ᠂ ᠨᠡᠶᠢᠲᠡ 5000 ᠭᠠᠷᠤᠶ | ᠲᠡᠭᠰᠢ ᠳᠥᠷᠪᠡᠯᠵᠢᠨ ᠮᠧᠲᠷ ᠤᠨ 8 ᠲᠡᠵᠢᠭᠡᠨ ᠦᠷᠡᠵᠢᠭᠦᠯᠬᠦ ᠰᠠᠷᠠᠪᠴᠢ᠂ ᠨᠡᠶᠢᠲᠡ 6 ᠮᠦ ᠢᠳᠡᠰᠢᠨ ᠨᠣᠭᠤᠭᠠᠨ ᠤ | ᠰᠠᠷᠠᠪᠴᠢ ᠶᠢ ᠪᠠᠶᠢᠭᠤᠯᠪᠠ᠃ ᠠᠯᠠᠰᠢᠨ ᠦᠬᠡᠷ 500 ᠭᠠᠷᠤᠶ᠂ ᠢᠮᠠᠭ᠎ᠠ᠂ ᠬᠤᠨᠢ ᠨᠡᠶᠢᠲᠡ 800 ᠭᠠᠷᠤᠶ᠃ | ᠲᠡᠵᠢᠭᠡᠨ ᠦᠷᠡᠵᠢᠭᠦᠯᠬᠦ ᠬᠤᠷᠰᠢᠶ᠎ᠠ ᠨᠢ ᠲᠣᠰᠬᠤᠨ ᠤ ᠠᠷᠠᠳ ᠲᠤ ᠪᠣᠬᠢᠷᠲᠤᠯ ᠥᠬᠡᠶ ᠢᠳᠡᠭᠡᠨ ᠬᠠᠩᠭᠠᠭᠰᠠᠨ ᠢᠶᠠᠷ | ᠪᠠᠷᠠᠬᠤ ᠥᠬᠡᠶ᠂ ᠪᠠᠰᠠ ᠵᠠᠬ᠎ᠠ ᠳᠡᠯᠭᠡᠭᠦᠷ ᠲᠤ ᠬᠡᠷᠡᠭᠴᠡᠭᠡ ᠱᠠᠭᠠᠷᠳᠠᠯᠭ᠎ᠠ ᠶᠢ ᠬᠠᠩᠭᠠᠵᠤ᠂ ᠮᠠᠰᠢ ᠰᠠᠶᠢᠨ ᠠᠵᠤ | ᠦᠢᠯᠡᠰ ᠤᠨ ᠬᠡᠯᠬᠢᠶ᠎ᠡ ᠶᠢᠨ ᠬᠥᠭᠵᠢᠯᠲᠡ ᠲᠠᠢ ᠪᠣᠯᠤᠭᠰᠠᠨ ᠪᠥᠭᠡᠳ ᠮᠠᠯᠴᠢᠨ ᠲᠠᠷᠢᠶᠠᠴᠢᠨ ᠤ ᠭᠤᠤᠯᠯᠠᠬᠤ ᠠᠵᠤ | ᠦᠢᠯᠡᠰ ᠢ ᠳᠥᠭᠦᠮ ᠪᠦᠳᠦᠭᠦᠯᠢᠭ ᠲᠠᠷᠢᠶᠠᠯᠠᠩ ᠮᠠᠯ ᠠᠵᠤ ᠠᠬᠤᠶ ᠶᠢᠨ ᠪᠦᠲᠦᠴᠡ ᠠᠴᠠ ᠮᠠᠰᠢ ᠰᠠᠶᠢᠨ | ᠬᠤᠪᠢᠷᠠᠭᠤᠯᠪᠠ᠃ ᠲᠠᠷᠢᠶᠠᠴᠢᠨ ᠮᠠᠯᠴᠢᠳ ᠤᠨ ᠰᠤᠯᠠ ᠪᠠᠶᠢᠭ᠎ᠠ ᠪᠡᠯᠡ ᠮᠥᠩᠭᠦ ᠳᠤ ᠠᠮᠤᠷ ᠲᠦᠪᠰᠢᠨ᠂ ᠥᠨᠳᠥᠷ | ᠦᠷ᠎ᠡ ᠠᠰᠢᠭ ᠲᠠᠢ ᠪᠡᠯᠡ ᠣᠷᠣᠭᠤᠯᠤᠯᠲᠠ ᠶᠢᠨ ᠲᠠᠪᠴᠠᠩ ᠬᠠᠩᠭᠠᠬᠤ ᠪᠠᠷ ᠪᠠᠷᠠᠬᠤ ᠦᠭᠡᠶ ᠪᠠᠰᠠ ᠨᠢᠭᠡ ᠪᠦᠯᠦᠭ | ᠬᠥᠳᠡᠯᠮᠦᠷᠢ ᠬᠦᠴᠦᠨ ᠳᠤ ᠠᠵᠢᠯ ᠣᠯᠭᠤᠵᠤ᠂ ᠲᠤᠬᠠᠶ ᠶᠢᠨ ᠭᠠᠵᠠᠷ ᠤᠨ ᠢᠯᠡᠭᠦᠴᠡ ᠬᠥᠳᠡᠯᠮᠦᠷᠢ ᠬᠦᠴᠦᠨ ᠳᠤ | ᠠᠵᠢᠯ ᠣᠯᠭᠤᠬᠤ ᠠᠰᠠᠭᠤᠳᠠᠯ ᠢ ᠰᠢᠢᠳᠪᠦᠷᠢᠯᠡᠵᠦ ᠴᠢᠳᠠᠨ᠎ᠠ᠃ 2009 ᠣᠨ ᠳᠤ ᠬᠤᠳᠠ ᠶᠢᠨ ᠲᠡᠰ ᠤᠨ | ᠬᠥᠳᠡᠯᠮᠦᠷᠢ ᠶᠢᠨ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠶᠢ ᠬᠦᠷᠳᠡᠵᠦ᠂ 2014 ᠣᠨ ᠳᠤ ᠡᠵᠡᠨ | ᠬᠤᠷᠤᠭ᠎ᠠ ᠬᠤᠰᠢᠭᠤᠨ ᠤ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ ᠵᠢᠱᠢᠶᠡᠴᠢ ᠬᠤᠪᠢ ᠬᠥᠮᠦᠨ ᠢᠶᠠᠷ | ᠦᠨᠡᠯᠡᠭᠳᠡᠪᠡ᠃ | | | | | | | | | | |