ᠬᠥᠳᠡᠯᠮᠦᠷᠢ ᠶᠢᠨ ᠵᠢᠱᠢᠶᠡᠴᠢ ᠶᠢᠨ ᠴᠤᠭ ᠵᠢᠪᠬᠤᠭ᠎ᠠ | ᠬᠥᠳᠡᠭᠡ ᠲᠣᠰᠬᠤᠨ ᠤ ᠴᠢᠨᠡᠬᠡᠯᠢᠭᠵᠢᠯ ᠤᠨ ᠳᠠᠭᠠᠭᠤᠯᠤᠭᠴᠢ ᠰᠣᠳᠣᠪᠢᠯᠢᠭ᠌ | ᠥᠨᠥᠳᠦᠷ ᠪᠢᠳᠠ ᠵᠠᠰᠠᠭ ᠪᠠᠯᠭᠠᠰᠤ ᠶᠢᠨ ᠴᠠᠭᠠᠨᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ | ᠰᠣᠳᠣᠪᠢᠯᠢᠭ᠌ ᠤᠨ ᠲᠡᠷᠢᠭᠦᠨ ᠤ ᠦᠢᠯᠡ ᠠᠵᠢᠯᠯᠠᠭ᠎ᠠ ᠶᠢ ᠠᠵᠢᠶ᠎ᠠ | | | | ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ ᠶᠢᠨ ᠵᠢᠱᠢᠶᠡᠴᠢ | ᠰᠣᠳᠣᠪᠢᠯᠢᠭ᠌᠂ 1968 ᠣᠨ ᠳᠤ ᠲᠥᠷᠥᠵᠣ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ | 1999 ᠣᠨ ᠳᠤ ᠵᠠᠰᠠᠭ ᠪᠠᠯᠭᠠᠰᠤᠨ ᠤ ᠴᠠᠭᠠᠨᠨᠠᠭᠤᠷ ᠭᠠᠴᠠᠭ᠎ᠠ ᠶᠢᠨ ᠳᠠᠷᠤᠭ᠎ᠠ ᠪᠠᠷ ᠰᠣᠩᠭᠤᠭᠳᠠᠵᠤ᠂ 2003 | ᠣᠨ ᠠᠴᠠ ᠤᠳᠤ ᠪᠣᠯᠲᠠᠯ᠎ᠠ᠂ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠤ ᠪᠠᠶᠢᠨ᠎ᠠ᠃ | 2003 ᠣᠨ ᠳᠤ᠂ ᠭᠠᠴᠠᠭᠠᠨ ᠳᠤ ᠪᠠᠷᠢᠮᠵᠢᠶᠠᠵᠢᠭᠰᠠᠨ ᠰᠦ ᠶᠢᠨ ᠥᠷᠲᠡᠭᠡ ᠪᠠᠶᠢᠭᠤᠯᠵᠤ᠂ ᠲᠣᠰᠬᠤᠨ ᠤ ᠠᠷᠠᠳ ᠢ | ᠳᠠᠭᠠᠭᠤᠯᠤᠨ ᠴᠢᠨᠡᠬᠡᠯᠢᠭᠵᠢᠯ ᠤᠨ ᠵᠠᠮ ᠢᠶᠠᠷ ᠵᠠᠮᠨᠠᠪᠠ᠃ 2007 ᠣᠨ ᠳᠤ᠂ ᠴᠠᠭᠠᠨᠨᠠᠭᠤᠷ ᠲᠣᠭᠤᠰᠬ᠎ᠠ ᠶᠢᠨ | ᠦᠢᠯᠡᠳᠪᠦᠷᠢ ᠶᠢ ᠡᠭᠦᠰᠭᠡᠨ ᠪᠠᠶᠢᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠤᠯᠠᠨ ᠡᠰᠢᠵᠢᠭᠰᠡᠨ ᠲᠣᠰᠬᠤᠨ ᠤ | ᠬᠠᠮᠲᠤ ᠶᠢᠨ ᠠᠵᠤ ᠠᠬᠤᠢ ᠶᠢ ᠬᠥᠭᠵᠢᠭᠦᠯᠪᠡ᠃ 2011 ᠣᠨ ᠳᠤ᠂ ︽ᠨᠠᠮ ᠤᠨ ᠡᠭᠦᠷ + ᠺᠣᠮᠫᠠᠨᠢ + | ᠲᠠᠷᠢᠶᠠᠴᠢᠨ ᠡᠷᠦᠬᠡ︾ ᠶᠢᠨ ᠵᠠᠭᠪᠤᠷ ᠢᠶᠠᠷ ᠨᠠᠭᠠᠰᠢᠳᠠᠢ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢ | ᠳᠠᠩᠰᠠᠯᠠᠭᠤᠯᠤᠨ ᠪᠠᠶᠢᠭᠤᠯᠵᠤ᠂ ᠡᠷᠬᠢᠨ ᠲᠣᠭᠤᠷᠢᠨ ᠤ ᠠᠵᠤ ᠠᠬᠤᠶᠢᠯᠠᠯ ᠳᠤ ᠬᠥᠳᠡᠯᠮᠦᠷᠢ ᠦᠢᠯᠡᠴᠢᠯᠡᠭᠡᠨ ᠤ | ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠪᠡ᠃ 2016 ᠣᠨ ᠳᠤ᠂ | ᠲᠥᠪ ᠤᠨ ︽ᠨᠠᠷᠢᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ︾ ᠲᠥᠷᠥ ᠶᠢᠨ ᠪᠣᠳᠣᠯᠭ᠎ᠠ ᠶᠢ | ᠳᠠᠭᠠᠬᠤ ᠶᠢᠨ ᠲᠥᠯᠥᠭᠡ᠂ ᠲᠡᠷᠡ ᠴᠠᠭ ᠲᠤᠨᠢ ᠲᠣᠬᠢᠷᠠᠭᠤᠯᠤᠨ ᠺᠣᠮᠫᠠᠨᠢ ᠶᠢᠨ ᠡᠵᠡᠩᠨᠡᠯᠲᠡ ᠬᠠᠮᠢᠶᠠᠷᠤᠯᠲᠠ ᠶᠢᠨ | ᠵᠠᠭᠪᠤᠷ ᠢ ︽ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ + ᠶᠠᠳᠠᠭᠤ ᠬᠦᠴᠢᠷᠳᠡᠯᠲᠡᠶ ᠡᠷᠦᠬᠡ︾ ᠪᠣᠯᠭᠠᠨ | ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠺᠣᠮᠫᠠᠨᠢ ᠠᠴᠠ ᠪᠠᠯᠠ ᠭᠠᠷᠭᠠᠬᠤ᠂ ᠡᠵᠡᠩᠨᠡᠬᠦ ᠪᠠ ᠴᠡᠪᠡᠷ | ᠠᠰᠢᠭ ᠬᠤᠪᠢᠶᠠᠷᠢᠯᠠᠬᠤ ᠳᠤ ᠣᠷᠣᠭᠤᠯᠵᠤ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ ᠶᠢᠨ ᠭᠠᠷᠭᠠᠭᠰᠠᠨ ᠪᠠᠯᠠ ᠶᠢ | ᠬᠠᠪᠰᠤᠷᠤᠨ ᠲᠡᠳᠬᠦᠬᠦ ᠠᠵᠤ ᠠᠬᠤᠶᠢᠯᠠᠯ ᠠᠴᠠ ᠬᠠᠩᠭᠠᠨ᠎ᠠ᠃ 2011 ᠣᠨ ᠠᠴᠠ 2019 ᠣᠨ ᠪᠣᠯᠲᠠᠯ᠎ᠠ᠂ | ᠲᠣᠰᠬᠤᠨ ᠤ ᠠᠷᠠᠳ ᠤᠨ ᠬᠤᠪᠢ ᠣᠷᠣᠭᠤᠯᠤᠭᠴᠢ ᠡᠷᠦᠬᠡ ᠪᠦᠷᠢ ᠳᠤ ᠨᠡᠶᠢᠲᠡ 17000 ᠲᠥᠭᠦᠷᠢᠭ ᠤᠨ ᠠᠰᠢᠭ | ᠬᠤᠪᠢᠶᠠᠷᠢᠯᠠᠪᠠ᠃ | | | | | | | | | | | | | |