ᠬᠥᠳᠡᠭᠡ ᠲᠣᠰᠬᠤᠨ ᠤ ᠴᠢᠨᠡᠬᠡᠯᠢᠭᠵᠢᠯ ᠤᠨ ᠳᠠᠭᠠᠭᠤᠯᠤᠭᠴᠢ ᠰᠣᠳᠣᠪᠢᠯᠢᠭ᠌ 
ᠨᠡᠶᠢᠲᠡᠯᠡᠭᠰᠡᠨ ᠴᠠᠭ᠄
2022/6/28
ᠬᠥᠳᠡᠯᠮᠦᠷᠢ ᠶᠢᠨ ᠵᠢᠱᠢᠶᠡᠴᠢ ᠶᠢᠨ ᠴᠤᠭ ᠵᠢᠪᠬᠤᠭ᠎ᠠ       ᠬᠥᠳᠡᠭᠡ ᠲᠣᠰᠬᠤᠨ ᠤ ᠴᠢᠨᠡᠬᠡᠯᠢᠭᠵᠢᠯ ᠤᠨ ᠳᠠᠭᠠᠭᠤᠯᠤᠭᠴᠢ ᠰᠣᠳᠣᠪᠢᠯᠢᠭ᠌        ᠥᠨᠥᠳᠦᠷ ᠪᠢᠳᠠ ᠵᠠᠰᠠᠭ ᠪᠠᠯᠭᠠᠰᠤ ᠶᠢᠨ ᠴᠠᠭᠠᠨᠨᠠᠭᠤᠷ ᠭᠠᠴᠠᠭᠠᠨ ᠤ ᠨᠠᠮ ᠤᠨ ᠡᠭᠦᠷ ᠤᠨ ᠱᠦᠵᠢ ᠰᠣᠳᠣᠪᠢᠯᠢᠭ᠌ ᠤᠨ ᠲᠡᠷᠢᠭᠦᠨ ᠤ ᠦᠢᠯᠡ ᠠᠵᠢᠯᠯᠠᠭ᠎ᠠ ᠶᠢ ᠠᠵᠢᠶ᠎ᠠ
     ᠥᠪᠡᠷᠲᠡᠭᠡᠨ ᠵᠠᠰᠠᠬᠤ ᠣᠷᠣᠨ ᠤ ᠲᠠᠰ ᠤᠨ ᠬᠥᠳᠡᠯᠮᠦᠷᠢ ᠶᠢᠨ ᠵᠢᠱᠢᠶᠡᠴᠢ      ᠰᠣᠳᠣᠪᠢᠯᠢᠭ᠌᠂ 1968 ᠣᠨ ᠳᠤ ᠲᠥᠷᠥᠵᠣ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ 1999 ᠣᠨ ᠳᠤ ᠵᠠᠰᠠᠭ ᠪᠠᠯᠭᠠᠰᠤᠨ ᠤ ᠴᠠᠭᠠᠨᠨᠠᠭᠤᠷ ᠭᠠᠴᠠᠭ᠎ᠠ ᠶᠢᠨ ᠳᠠᠷᠤᠭ᠎ᠠ ᠪᠠᠷ ᠰᠣᠩᠭᠤᠭᠳᠠᠵᠤ᠂ 2003 ᠣᠨ ᠠᠴᠠ ᠤᠳᠤ ᠪᠣᠯᠲᠠᠯ᠎ᠠ᠂ ᠭᠠᠴᠠᠭᠠᠨ ᠤ ᠨᠠᠮ ᠤᠨ ᠡᠭᠦᠷ ᠤᠨ ᠱᠦᠵᠢ ᠶᠢᠨ ᠲᠤᠰᠢᠶᠠᠯ ᠢ ᠡᠭᠦᠷᠭᠡᠯᠡᠵᠤ ᠪᠠᠶᠢᠨ᠎ᠠ᠃ 2003 ᠣᠨ ᠳᠤ᠂ ᠭᠠᠴᠠᠭᠠᠨ ᠳᠤ ᠪᠠᠷᠢᠮᠵᠢᠶᠠᠵᠢᠭᠰᠠᠨ ᠰᠦ ᠶᠢᠨ ᠥᠷᠲᠡᠭᠡ ᠪᠠᠶᠢᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠴᠢᠨᠡᠬᠡᠯᠢᠭᠵᠢᠯ ᠤᠨ ᠵᠠᠮ ᠢᠶᠠᠷ ᠵᠠᠮᠨᠠᠪᠠ᠃ 2007 ᠣᠨ ᠳᠤ᠂ ᠴᠠᠭᠠᠨᠨᠠᠭᠤᠷ ᠲᠣᠭᠤᠰᠬ᠎ᠠ ᠶᠢᠨ ᠦᠢᠯᠡᠳᠪᠦᠷᠢ ᠶᠢ ᠡᠭᠦᠰᠭᠡᠨ ᠪᠠᠶᠢᠭᠤᠯᠵᠤ᠂ ᠲᠣᠰᠬᠤᠨ ᠤ ᠠᠷᠠᠳ ᠢ ᠳᠠᠭᠠᠭᠤᠯᠤᠨ ᠤᠯᠠᠨ ᠡᠰᠢᠵᠢᠭᠰᠡᠨ ᠲᠣᠰᠬᠤᠨ ᠤ ᠬᠠᠮᠲᠤ ᠶᠢᠨ ᠠᠵᠤ ᠠᠬᠤᠢ ᠶᠢ ᠬᠥᠭᠵᠢᠭᠦᠯᠪᠡ᠃ 2011 ᠣᠨ ᠳᠤ᠂ ︽ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ︾᠎ ᠶᠢᠨ ᠵᠠᠭᠪᠤᠷ ᠢᠶᠠᠷ ᠨᠠᠭᠠᠰᠢᠳᠠᠢ ᠠᠵᠤ ᠦᠢᠯᠡᠳᠪᠦᠷᠢ ᠠᠷᠠᠯᠵᠢᠶᠠᠨ ᠤ ᠬᠢᠵᠠᠭᠠᠷᠲᠤ ᠺᠣᠮᠫᠠᠨᠢ ᠶᠢ ᠳᠠᠩᠰᠠᠯᠠᠭᠤᠯᠤᠨ ᠪᠠᠶᠢᠭᠤᠯᠵᠤ᠂ ᠡᠷᠬᠢᠨ ᠲᠣᠭᠤᠷᠢᠨ ᠤ ᠠᠵᠤ ᠠᠬᠤᠶᠢᠯᠠᠯ ᠳᠤ ᠬᠥᠳᠡᠯᠮᠦᠷᠢ ᠦᠢᠯᠡᠴᠢᠯᠡᠭᠡᠨ ᠤ ᠦᠢᠯᠡᠴᠢᠯᠡᠭᠡ ᠬᠠᠩᠭᠠᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠪᠡ᠃ 2016 ᠣᠨ ᠳᠤ᠂ ᠲᠥᠪ ᠤᠨ ︽ᠨᠠᠷᠢᠨ ᠣᠨᠣᠪᠴᠢᠲᠠᠶ ᠪᠠᠷ ᠶᠠᠳᠠᠭᠤ ᠠᠴᠠ ᠠᠩᠭᠢᠵᠢᠷᠠᠭᠤᠯᠬᠤ︾ ᠲᠥᠷᠥ ᠶᠢᠨ ᠪᠣᠳᠣᠯᠭ᠎ᠠ ᠶᠢ ᠳᠠᠭᠠᠬᠤ ᠶᠢᠨ ᠲᠥᠯᠥᠭᠡ᠂ ᠲᠡᠷᠡ ᠴᠠᠭ ᠲᠤᠨᠢ ᠲᠣᠬᠢᠷᠠᠭᠤᠯᠤᠨ ᠺᠣᠮᠫᠠᠨᠢ ᠶᠢᠨ ᠡᠵᠡᠩᠨᠡᠯᠲᠡ ᠬᠠᠮᠢᠶᠠᠷᠤᠯᠲᠠ ᠶᠢᠨ ᠵᠠᠭᠪᠤᠷ ᠢ ︽ᠨᠠᠮ ᠤᠨ ᠡᠭᠦᠷ + ᠺᠣᠮᠫᠠᠨᠢ + ᠲᠠᠷᠢᠶᠠᠴᠢᠨ ᠡᠷᠦᠬᠡ + ᠶᠠᠳᠠᠭᠤ ᠬᠦᠴᠢᠷᠳᠡᠯᠲᠡᠶ ᠡᠷᠦᠬᠡ︾ ᠪᠣᠯᠭᠠᠨ ᠲᠣᠬᠢᠷᠠᠭᠤᠯᠵᠤ᠂ ᠶᠠᠳᠠᠭᠤ ᠬᠦᠴᠢᠷᠳᠡᠯᠲᠡᠶ ᠡᠷᠦᠬᠡ ᠶᠢ ᠺᠣᠮᠫᠠᠨᠢ ᠠᠴᠠ ᠪᠠᠯᠠ ᠭᠠᠷᠭᠠᠬᠤ᠂ ᠡᠵᠡᠩᠨᠡᠬᠦ ᠪᠠ ᠴᠡᠪᠡᠷ ᠠᠰᠢᠭ ᠬᠤᠪᠢᠶᠠᠷᠢᠯᠠᠬᠤ ᠳᠤ ᠣᠷᠣᠭᠤᠯᠵᠤ᠂ ᠡᠭᠦᠨ ᠳᠤ ᠶᠠᠳᠠᠭᠤ ᠬᠦᠴᠢᠷᠳᠡᠯᠲᠡᠶ ᠡᠷᠦᠬᠡ ᠶᠢᠨ ᠭᠠᠷᠭᠠᠭᠰᠠᠨ ᠪᠠᠯᠠ ᠶᠢ ᠬᠠᠪᠰᠤᠷᠤᠨ ᠲᠡᠳᠬᠦᠬᠦ ᠠᠵᠤ ᠠᠬᠤᠶᠢᠯᠠᠯ ᠠᠴᠠ ᠬᠠᠩᠭᠠᠨ᠎ᠠ᠃ 2011 ᠣᠨ ᠠᠴᠠ 2019 ᠣᠨ ᠪᠣᠯᠲᠠᠯ᠎ᠠ᠂ ᠲᠣᠰᠬᠤᠨ ᠤ ᠠᠷᠠᠳ ᠤᠨ ᠬᠤᠪᠢ ᠣᠷᠣᠭᠤᠯᠤᠭᠴᠢ ᠡᠷᠦᠬᠡ ᠪᠦᠷᠢ ᠳᠤ ᠨᠡᠶᠢᠲᠡ 17000 ᠲᠥᠭᠦᠷᠢᠭ ᠤᠨ ᠠᠰᠢᠭ ᠬᠤᠪᠢᠶᠠᠷᠢᠯᠠᠪᠠ᠃
ᠢᠷᠡᠯᠲᠡ᠄ ᠲᠤᠰ ᠰᠦᠯᠵᠢᠶ᠎ᠡ