2022 ᠤᠨ ᠤ ᠤᠷᠳᠤᠰ ᠬᠤᠳᠠ ᠶᠢᠨ ᠬᠦᠳᠡᠯᠮᠦᠷᠢ ᠶᠢᠨ ᠵᠢᠱᠢᠶᠡᠴᠢ ᠶᠢ ᠮᠠᠭᠳᠠᠨ ᠰᠠᠶᠢᠰᠢᠶᠠᠵᠤ᠂ ᠭᠠᠯ ᠵᠠᠯᠠᠭᠤ ᠨᠠᠰᠤ ᠪᠠᠨ ᠬᠠᠷᠢᠭᠤᠴᠠᠯᠭ᠎ᠠ ᠡᠬᠦᠷᠬᠡᠯᠡᠯ ᠢᠶᠠᠨ | ᠪᠢᠴᠢᠭᠯᠡᠶ᠎ᠡ ᠊᠊᠊᠊᠊᠊ ᠰᠠᠶᠢᠰᠢᠶᠠᠯᠳᠤ | ᠰᠠᠶᠢᠰᠢᠶᠠᠯᠳᠤ᠂ ᠡᠷᠡᠭᠲᠡᠢ᠂ 1987 ᠣᠨ ᠤ 1 ᠰᠠᠷ᠎ᠠ ᠳᠤ ᠲᠦᠷᠦᠵᠤ᠂ ᠮᠣᠩᠭᠤᠯ ᠦᠨᠳᠦᠰᠦᠲᠡᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ᠂ ᠶᠡᠭᠡ ᠰᠤᠷᠭᠠᠭᠤᠯᠢ ᠶᠢᠨ ᠲᠤᠰᠬᠠᠢ ᠮᠡᠷᠭᠡᠵᠢᠯ ᠤᠨ ᠰᠤᠷᠤᠯᠭ᠎ᠠ ᠶᠢᠨ ᠨᠠᠮᠲᠠᠷ ᠲᠠᠢ᠂ ᠤᠳᠤ ᠳᠤᠮᠳᠠᠳᠤ ᠤᠯᠤᠰ ᠤᠨ ᠱᠧᠨ ᠬᠤᠸᠠ ᠨᠡᠭᠦᠷᠡᠰᠦ ᠪᠠᠷ ᠲᠤᠰᠤ | ᠦᠢᠯᠡᠳᠬᠦ ᠬᠢᠮᠢ ᠶᠢᠨ ᠠᠵᠤ ᠦᠢᠯᠡᠳᠪᠦᠷᠢ ᠶᠢᠨ ᠬᠢᠵᠠᠭᠠᠷᠲᠤ ᠺᠣᠮᠫᠠᠨᠢ ᠶᠢᠨ ᠤᠷᠳᠤᠰ ᠤᠨ ᠨᠡᠭᠦᠷᠡᠰᠦ ᠪᠠᠷ ᠲᠤᠰᠤ ᠦᠢᠯᠡᠳᠬᠦ ᠬᠤᠪᠢᠶᠠᠷᠢ ᠺᠣᠮᠫᠠᠨᠢ ᠶᠢᠨ ᠭᠠᠯ | ᠤᠨᠲᠠᠷᠠᠭᠠᠬᠤ ᠬᠡᠢ ᠰᠡᠷᠭᠡᠶᠢᠯᠡᠬᠦ ᠲᠥᠪ ᠤᠨ ᠨᠢᠭᠡᠳᠦᠭᠡᠷ ᠳᠤᠮᠳᠠ ᠠᠩᠬᠢ ᠶᠢᠨ ᠳᠠᠷᠤᠭ᠎ᠠ ᠶᠢᠨ ᠲᠤᠰᠢᠶᠠᠯ ᠲᠠᠢ᠃ | | | | 2008 ᠣᠨ 5 ᠰᠠᠷ᠎ᠠ ᠳᠤ ᠠᠵᠢᠯᠯᠠᠭᠰᠠᠨ ᠠᠴᠠ ᠨᠠᠰᠢ᠂ ᠤᠷᠢᠳ ᠬᠤᠵᠢᠳ ᠪᠥᠬᠦ ᠤᠯᠤᠰ ᠤᠨ ᠬᠤᠶᠠᠳᠤᠭᠠᠷ ᠬᠤᠭᠤᠴᠠᠭᠠᠨ ᠤ ᠠᠶᠤᠯᠲᠠᠶ ᠬᠢᠮᠢ ᠶᠢᠨ | ᠪᠣᠳᠠᠰ ᠤᠨ ᠠᠪᠤᠷᠠᠨ ᠲᠤᠰᠠᠯᠠᠬᠤ ᠮᠡᠷᠭᠡᠵᠢᠯ ᠤᠨ ᠤᠷᠤᠯᠳᠤᠭᠠᠨ ᠳᠤ ︽ᠬᠤᠪᠢ ᠬᠥᠮᠦᠨ ᠤ ᠪᠦᠷᠢᠨ ᠴᠢᠳᠠᠪᠤᠷᠢ ᠶᠢᠨ ᠰᠢᠯᠢᠳᠡᠭ ᠱᠠᠩᠨᠠᠯ︾ ᠭᠥᠷᠳᠡᠵᠤ᠂ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ ᠵᠠᠭᠤᠨ ᠮᠧᠲᠷ ᠤᠨ ᠰᠠᠭᠠᠳ ᠳᠠᠪᠠᠭ᠋ᠤ | ᠭᠤᠷᠪᠠᠳᠤᠭᠠᠷ ᠨᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠩᠬᠠᠳᠤᠭᠠᠷ ᠬᠤᠭᠤᠴᠠᠭᠠᠨ ᠤ ᠲᠤᠰᠬᠠᠶ ᠲᠤᠰᠢᠶᠠᠯᠲᠤ ᠭᠠᠯ ᠤᠨᠲᠠᠷᠠᠭᠠᠬᠤ | ᠮᠥᠷᠦ᠋ᠢᠴᠡᠭᠡᠨ ᠤ ᠬᠤᠶᠠᠳᠤᠭᠠᠷ ᠬᠡᠰᠡᠭ ᠤᠨ ᠱᠠᠲᠤ ᠲᠠᠲᠠᠬᠤ ᠨᠢᠭᠡᠳᠦᠭᠡᠷ ᠨᠡᠷ᠎ᠡ᠂ ᠤᠯᠤᠰ ᠤᠨ ᠡᠨᠧᠷᠭᠢ ᠶᠢᠨ ᠪᠦᠯᠦᠭᠯᠡᠯ ᠺᠣᠮᠫᠠᠨᠢ ᠶᠢᠨ ︽ᠳ᠋ᠠ ᠱᠢ ᠬᠤᠨᠳᠠᠭᠠᠲᠤ︾ | ᠨᠢᠭᠡᠳᠦᠭᠡᠷ ᠬᠤᠭᠤᠴᠠᠭᠠᠨ ᠤ ᠭᠠᠯ ᠤᠨᠲᠠᠷᠠᠭᠠᠬᠤ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠮᠡᠷᠭᠡᠵᠢᠯ ᠤᠨ ᠤᠷᠤᠯᠳᠤᠭᠠᠨ ᠤ ᠪᠦᠯᠬᠦᠮ ᠤᠨ ᠨᠢᠭᠡᠳᠦᠭᠡᠷ | ᠨᠡᠷ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠮᠡᠷᠭᠡᠵᠢᠯ ᠤᠨ ᠵᠢᠱᠢᠶᠡᠴᠢ︾ ᠪᠠᠷ ᠦᠨᠡᠯᠡᠭᠳᠡᠵᠤ᠂ ︽ᠤᠯᠤᠰ ᠤᠨ ᠡᠨᠧᠷᠭᠢ ᠶᠢᠨ ᠪᠦᠯᠦᠭᠯᠡᠯ ᠤᠨ | ᠮᠡᠷᠭᠡᠵᠢᠯ ᠤᠨ ᠴᠢᠳᠠᠪᠤᠷᠢᠲᠠᠨ︾᠂ ︽ᠤᠯᠤᠰ ᠤᠨ ᠡᠨᠧᠷᠭᠢ ᠶᠢᠨ ᠪᠦᠯᠦᠭᠯᠡᠯ ᠤᠨ ᠵᠠᠯᠠᠭᠤ ᠠᠵᠢᠯ ᠤᠨ ᠪᠠᠶᠢᠷᠢ ᠶᠢᠨ ᠴᠢᠳᠠᠪᠤᠷᠢᠲᠠᠨ︾ ᠵᠡᠷᠭᠡ ᠢᠷᠠᠭᠤ ᠠᠯᠳᠠᠷ ᠤᠨ | ᠴᠣᠯᠠ ᠶᠢ ᠬᠦᠷᠳᠡᠪᠡ᠃ | ᠰᠠᠶᠢᠰᠢᠶᠠᠯᠳᠤ ᠨᠥᠬᠦᠷ ᠥᠪᠥᠷ ᠮᠣᠩᠭᠤᠯ ᠤᠨ ᠤᠷᠳᠤᠰ ᠬᠤᠳᠠ ᠶᠢᠨ ᠡᠵᠡᠨ ᠬᠤᠷᠤᠭ᠎ᠠ ᠬᠤᠰᠢᠭᠤᠨ ᠤ ᠨᠤᠭᠤᠭᠤᠨᠪᠤᠯᠠᠭ ᠲᠣᠰᠬᠤᠨ ᠤ ᠲᠠᠪᠤᠳᠤᠭᠠᠷ | ᠬᠤᠷᠰᠢᠶ᠎ᠠ ᠶᠢᠨ ᠨᠢᠬᠡᠨ ᠡᠭᠡᠯ ᠵᠢᠷ ᠤᠨ ᠮᠠᠯᠴᠢᠨ ᠲᠠᠷᠢᠶᠠᠴᠢᠨ ᠤ ᠭᠡᠷ ᠳᠤ ᠲᠦᠷᠦᠵᠣ᠂ ᠠᠪᠤ ᠡᠵᠢ ᠨᠢ ᠦᠶ᠎ᠡ ᠶᠢᠨ ᠦᠶ᠎ᠡ ᠪᠠᠷ ᠮᠠᠯ ᠮᠠᠯᠵᠢᠵᠤ᠂ ᠬᠠᠷᠠᠬᠠᠨ ᠪᠠᠭ᠎ᠠ | ᠠᠴᠠ ᠪᠠᠨ ᠠᠪᠤ ᠡᠵᠢ ᠶᠢᠨ ᠨᠥᠯᠥᠭᠡᠯᠡᠯ ᠳᠣᠣᠷ᠎ᠠ᠂ ᠠᠵᠢᠯᠴᠢ ᠬᠥᠳᠡᠯᠮᠦᠷᠢᠴᠢ᠂ ᠴᠠᠶᠢᠯᠭᠠᠨ ᠴᠠᠭᠠᠪᠤᠷ᠂ ᠪᠣᠷᠣᠭᠵᠢᠭᠤᠨ ᠰᠢᠯᠢᠳᠡᠭ ᠵᠠᠩ ᠴᠢᠨᠠᠷ ᠲᠠᠢ ᠪᠤᠯᠵᠤ᠂ | ᠲᠤᠯᠤᠭᠠᠨ ᠨᠠᠰᠤᠨ ᠠᠴᠠ ᠪᠠᠨ ᠠᠪᠤ ᠡᠵᠢ ᠪᠠᠨ ᠬᠠᠪᠰᠤᠷᠤᠨ ᠮᠠᠯ ᠮᠠᠯᠵᠢᠬᠤ᠂ ᠲᠠᠷᠢᠶ᠎ᠠ ᠲᠠᠷᠢᠬᠤ ᠵᠡᠷᠭᠡ ᠠᠵᠢᠯ ᠢ ᠪᠡᠶᠡᠯᠡᠭᠦᠯᠵᠦ᠂ ᠬᠥᠷᠰᠢ ᠵᠡᠷᠭᠡᠯᠡᠳᠡᠭᠡ ᠶᠢᠨ ᠢᠶᠠᠨ | ᠮᠠᠭᠲᠠᠭᠠᠯ ᠰᠠᠶᠢᠰᠢᠶᠠᠯ ᠢ ᠬᠦᠷᠳᠡᠵᠦ ᠪᠠᠶᠢᠪᠠ᠃ ᠰᠤᠷᠭᠠᠭᠤᠯᠢ ᠳᠤ ᠤᠷᠤᠭᠰᠠᠨ ᠤ ᠳᠠᠷᠠᠭ᠎ᠠ᠂ ᠰᠠᠶᠢᠰᠢᠶᠠᠯᠳᠤ ᠠᠷᠠᠳ ᠲᠦᠮᠡᠨ ᠳᠤ ᠦᠢᠯᠡᠴᠢᠯᠡᠬᠦ ᠳᠤᠮᠳᠠᠳᠤ | ᠤᠯᠤᠰ ᠤᠨ ᠠᠷᠠᠳ ᠤᠨ ᠴᠢᠯᠥᠭᠡᠯᠡᠬᠦ ᠴᠡᠷᠢᠭ ᠪᠣᠯᠬᠤ ᠪᠠᠷ ᠵᠣᠷᠢᠭ ᠰᠢᠭᠤᠳᠤᠨ᠂ ᠴᠥᠬᠦᠷᠡᠰᠢ ᠥᠬᠡᠶ ᠴᠢᠷᠮᠠᠶᠢᠯᠭ᠎ᠠ ᠪᠠᠷ ᠳᠡᠮᠵᠢᠨ ᠲᠡᠷᠡ ᠳᠤᠮᠳᠠᠳᠤ ᠤᠯᠤᠰ ᠤᠨ | ᠵᠡᠪᠰᠡᠭᠲᠦ ᠴᠠᠭᠳᠠᠭ᠎ᠠ ᠶᠢᠨ ᠴᠡᠷᠢᠭ ᠠᠩᠭᠢ ᠶᠢᠨ ᠲᠢᠶᠠᠨᠵᠢᠨ ᠤ ᠶᠡᠷᠦᠩᠬᠡᠶ ᠠᠩᠭᠢ ᠶᠢᠨ ᠵᠡᠪᠰᠡᠭᠲᠦ ᠴᠠᠭᠳᠠᠭ᠎ᠠ ᠶᠢᠨ ᠪᠠᠶᠢᠯᠳᠤᠭᠴᠢ ᠪᠣᠯᠵᠣ᠂ ᠴᠡᠷᠢᠭ ᠤᠨ ᠠᠯᠪᠠ | ᠬᠠᠭᠠᠵᠤ ᠪᠠᠶᠢᠬᠤ ᠬᠤᠭᠤᠴᠠᠭᠠᠨ ᠳᠠᠭᠠᠨ ᠬᠤᠶᠠᠷ ᠤᠳᠠᠭ᠎ᠠ ︽ᠰᠢᠯᠢᠳᠡᠭ ᠪᠠᠶᠢᠯᠳᠤᠭᠴᠢ︾ ᠶᠢᠨ ᠴᠣᠯᠠ ᠭᠥᠷᠳᠡᠵᠦ᠂ ᠳᠡᠭᠡᠳᠦ ᠱᠠᠲᠤᠨ ᠤ ᠤᠳᠤᠷᠢᠳᠤᠯᠭ᠎ᠠ ᠪᠠ | ᠳᠠᠶᠢᠴᠢᠨ ᠨᠥᠬᠦᠳ ᠤᠨ ᠬᠠᠮᠲᠤ ᠶᠢᠨ ᠰᠠᠶᠢᠨ ᠦᠨᠡᠯᠡᠯᠲᠡ ᠶᠢ ᠣᠯᠪᠠ᠃ ᠴᠡᠷᠢᠭ ᠤᠨ ᠠᠯᠪᠠ ᠠᠴᠠ ᠬᠠᠯᠠᠭᠳᠠᠭᠰᠠᠨ ᠤ ᠳᠠᠷᠠᠭ᠎ᠠ ᠰᠠᠢᠰᠢᠶᠠᠯᠳᠤ ᠨᠡᠭᠦᠷᠡᠰᠦ ᠪᠠᠷ ᠲᠣᠰᠣ | ᠦᠢᠯᠡᠳᠬᠦ ᠺᠣᠮᠫᠠᠨᠢ ᠶᠢᠨ ᠭᠠᠯ ᠤᠨᠲᠠᠷᠠᠭᠠᠬᠤ ᠬᠡᠢ ᠶᠢᠨ ᠰᠡᠷᠭᠡᠶᠢᠯᠡᠯᠲᠡ ᠶᠢᠨ ᠲᠥᠪ ᠲᠤ ᠣᠷᠣᠵᠤ᠂ ᠨᠢᠭᠡᠨ ᠰᠢᠯᠢᠳᠡᠭ ᠭᠠᠯ ᠤᠨᠲᠠᠷᠠᠭᠠᠬᠤ ᠵᠢᠯᠣᠭᠤᠳᠣᠭᠴᠢ ᠪᠣᠯᠵᠠᠶ᠃ | ᠠᠵᠢᠯ ᠤᠨ ᠬᠤᠭᠤᠴᠠᠭᠠᠨ ᠳᠤ᠂ ᠲᠡᠷᠡ ᠠᠯᠢᠪᠠ ᠶᠠᠪᠤᠳᠠᠯ ᠳᠤ ᠴᠥᠮ ᠪᠡᠶ᠎ᠡ ᠪᠠᠷ ᠢᠶᠠᠨ ᠣᠷᠣᠯᠴᠠᠵᠤ᠂ ᠦᠨᠳᠦᠰᠦᠨ ᠱᠠᠲᠤᠨ ᠤ ᠠᠵᠢᠯᠳᠠᠨ ᠳᠤ ᠦᠯᠢᠭᠡᠷ | ᠳᠠᠭᠤᠷᠢᠶᠠᠯ ᠦᠵᠡᠭᠦᠯᠵᠦ᠂ ᠰᠢᠯᠢᠳᠡᠭ ᠰᠤᠷᠲᠠᠯ ᠢ ᠠᠵᠢᠯ ᠤᠨ ᠳᠤᠮᠳᠠ ᠭᠦᠢᠴᠡᠳ ᠢᠯᠡᠷᠡᠭᠦᠯᠪᠡ᠃ | 2010 ᠣᠨ ᠳᠤ ᠲᠡᠷᠡ ᠭᠠᠯ ᠤᠨᠲᠠᠷᠠᠭᠠᠬᠤ ᠰᠢᠯᠢᠳᠡᠭ ᠭᠡᠰᠢᠭᠦᠨ ᠤ ᠬᠤᠪᠢ ᠪᠠᠷ ᠠᠩᠬᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠭᠠᠯ ᠤᠨᠲᠠᠷᠠᠭᠠᠬᠤ ᠮᠥᠷᠦ᠋ᠢᠴᠡᠭᠡᠨ ᠳᠤ ᠪᠡᠯᠡᠳᠬᠡᠵᠦ᠂ ᠤᠷᠤᠯᠳᠤᠭᠠᠨ ᠳᠤ ᠪᠡᠯᠡᠳᠬᠡᠬᠦ ᠬᠤᠭᠤᠴᠠᠭᠠᠨ ᠳᠤ᠂ ᠰᠠᠢᠰᠢᠶᠠᠯᠳᠤ ᠪᠦᠬᠦ ᠰᠡᠳᠬᠢᠯ ᠪᠦᠬᠦ | ᠵᠣᠷᠢᠭ ᠢᠶᠠᠷ ᠢᠶᠠᠨ ᠤᠷᠤᠯᠳᠤᠭᠠᠨ ᠤ ᠲᠥᠷᠥᠯ ᠵᠦᠢᠯ ᠤᠨ ᠪᠣᠯᠪᠠᠰᠤᠷᠠᠯ ᠳᠤ ᠣᠷᠣᠯᠴᠠᠪᠠ᠃ ᠡᠭᠦᠨ ᠳᠤ ᠬᠤᠶᠠᠷ ᠬᠥᠮᠦᠨ ᠤ 6 ᠮᠧᠲᠷ ᠤᠨ ᠬᠤᠶᠠᠷ ᠦᠶ᠎ᠡ ᠶᠢᠨ | ᠲᠠᠲᠠᠭᠤᠷ ᠱᠠᠲᠤ ᠭᠡᠳᠡᠭ᠂ ᠰᠠᠶᠢᠰᠢᠶ᠋ᠶᠠᠯᠳᠤ ᠱᠠᠲᠤ ᠶᠢ ᠬᠠᠷᠢᠭᠤᠴᠠᠵᠤ᠂ 30 ᠮᠧᠲᠷ ᠤᠨ ᠡᠬᠢᠯᠡᠯᠲᠡ ᠶᠢᠨ ᠴᠡᠭ ᠠᠴᠠ ᠡᠬᠢᠯᠡᠨ᠂ ᠬᠠᠮᠤᠭ ᠲᠦᠷᠭᠡᠨ ᠬᠤᠷᠳᠤᠴᠠ ᠪᠠᠷ | ᠡᠬᠢᠯᠡᠨ ᠭᠦᠶᠦᠵᠦ ᠪᠣᠯᠪᠠᠰᠤᠷᠠᠯ ᠤᠨ ᠰᠤᠪᠤᠷᠭ᠎ᠠ ᠳᠤ ᠬᠦᠷᠴᠦ᠂ 6 ᠮᠧᠲᠷ ᠤᠨ ᠲᠠᠲᠠᠭᠤᠷ ᠱᠠᠲᠤ ᠶᠢ ᠪᠦᠬᠦ ᠬᠦᠴᠦᠨ ᠢᠶᠠᠷ ᠢᠶᠠᠨ ᠲᠠᠲᠠᠵᠤ ᠪᠣᠯᠪᠠᠰᠤᠷᠠᠯ ᠤᠨ | ᠰᠤᠪᠤᠷᠭ᠎ᠠ ᠶᠢᠨ ᠬᠤᠶᠠᠳᠤᠭᠠᠷ ᠳᠠᠪᠬᠤᠷ ᠲᠤ ᠬᠦᠷᠴᠦ᠂ ᠰᠠᠶᠢᠰᠢᠶᠠᠯᠳᠤ ᠬᠠᠮᠤᠭ ᠬᠤᠷᠳᠤᠴᠠ ᠪᠠᠷ ᠬᠤᠶᠠᠳᠤᠭᠠᠷ ᠳᠠᠪᠬᠤᠷ ᠲᠤ ᠠᠪᠠᠷᠢᠨ ᠭᠠᠷᠴᠤ ᠬᠠᠰᠬᠢᠷᠤᠨ᠎ᠠ᠃ | ᠡᠨᠡ ᠪᠣᠯ ᠳᠠᠷᠤᠢ ᠮᠡᠷᠭᠡᠵᠢᠯ ᠬᠡᠷᠡᠭᠰᠡᠬᠦ ᠮᠥᠷᠲᠡᠭᠡᠨ ᠲᠠᠮᠢᠷ ᠲᠡᠩᠬᠡᠭᠡ ᠪᠠ ᠲᠡᠰᠪᠦᠷᠢ ᠲᠡᠪᠴᠢᠶᠡᠷᠢ ᠬᠡᠷᠡᠭᠰᠡᠬᠦ ᠬᠤᠪᠢ ᠨᠡᠮᠡᠬᠦ ᠲᠥᠷᠥᠯ ᠵᠦᠢᠯ ᠪᠣᠯᠤᠨ᠎ᠠ᠂ ᠥᠨᠳᠥᠷ | ᠬᠤᠪᠢ ᠣᠯᠬᠤ ᠶᠢᠨ ᠲᠥᠯᠥᠭᠡ᠂ ᠰᠠᠢᠰᠢᠶᠠᠯᠳᠤ ᠳᠠᠬᠢᠨ ᠳᠠᠪᠲᠠᠨ ᠪᠣᠯᠪᠠᠰᠤᠷᠠᠪᠠ᠃ ᠪᠣᠯᠪᠠᠰᠤᠷᠠᠯ ᠬᠢᠬᠦ ᠦᠶ᠎ᠡ ᠳᠤ ᠪᠠᠭ᠎ᠠ ᠯᠠ ᠠᠩᠬᠠᠷᠬᠤ ᠦᠭᠡᠢ ᠪᠣᠯ ᠱᠠᠳᠤᠨ ᠳᠤ | ᠰᠢᠯᠪᠢ ᠪᠠᠨ ᠬᠤᠰᠤᠵᠤ᠂ ᠰᠠᠶᠢᠰᠢᠶᠠᠯᠳᠤ ᠶᠢᠨ ᠬᠦᠯ ᠨᠢ ᠦᠷᠭᠦᠯᠵᠢ ᠰᠢᠷᠬᠠᠳᠠᠵᠤ᠂ ᠲᠠᠬᠢᠭᠠᠳ ᠪᠣᠯᠪᠠᠰᠤᠷᠠᠭᠠᠳ ᠬᠠᠭᠤᠴᠢᠨ ᠰᠣᠷᠪᠢ ᠳᠡᠭᠡᠷ᠎ᠡ ᠬᠤᠰᠤᠪᠠᠯ ᠨᠡᠩ | ᠡᠪᠡᠳᠦᠨ᠎ᠡ᠃ ᠭᠡᠪᠡᠴᠦ ᠴᠡᠷᠢᠭ ᠪᠠᠶᠢᠭᠰᠠᠨ ᠲᠡᠷᠡ ᠬᠦᠴᠢᠷ ᠪᠡᠷᠬᠡᠰᠢᠶᠡᠯ ᠤᠨ ᠡᠮᠦᠨ᠎ᠡ ᠲᠣᠯᠣᠭᠠᠢ ᠪᠥᠬᠦ᠋ᠢᠬᠦ ᠦᠭᠡᠢ᠂ ᠴᠡᠷᠢᠭ ᠤᠨ ᠠᠯᠪᠠ ᠠᠴᠠ ᠬᠠᠯᠠᠭᠳᠠᠭᠰᠠᠨ ᠴᠤ | ᠴᠤᠭ ᠰᠦᠯᠳᠠ ᠨᠢ ᠬᠤᠭᠤᠷᠠᠬᠤ ᠦᠬᠡᠢ ᠵᠣᠷᠢᠭ ᠰᠠᠨᠠᠭ᠎ᠠ ᠨᠢ ᠴᠦ ᠲᠡᠭᠦᠨ ᠢ ᠳᠡᠮᠵᠢᠭᠰᠡᠭᠡᠷ ᠪᠠᠶᠢᠪᠠ᠂ ᠲᠡᠷᠡ ᠵᠣᠷᠢᠭ ᠮᠣᠬᠤᠭᠰᠠᠨ ᠦᠭᠡᠢ᠂ ᠪᠣᠯᠪᠠᠰᠤᠷᠠᠭᠰᠠᠭᠠᠷ᠂ | ᠬᠤᠰᠤᠭᠰᠠᠭᠠᠷ᠂ ᠡᠪᠡᠳᠦᠭᠰᠡᠭᠡᠷ ᠪᠠᠶᠢᠪᠠ᠃ ᠴᠢᠷᠮᠠᠶᠢᠯᠭ᠎ᠠ ᠬᠦᠮᠦᠨ ᠢ ᠬᠦᠰᠡᠷᠳᠡᠬᠦᠯᠬᠦ ᠦᠬᠡᠢ ᠬᠡᠭᠴᠢ ᠪᠠᠷ ᠬᠠᠮᠤᠭ ᠰᠡᠭᠦᠯ ᠳᠤ ᠨᠢ ᠡᠨᠡ ᠬᠦ ᠲᠦᠷᠦᠯ ᠤᠨ | ᠤᠷᠤᠯᠳᠤᠭᠠᠨ ᠳᠤ ᠬᠤᠶᠠᠳᠤᠭᠠᠷ ᠦᠶ᠎ᠡ ᠶᠢᠨ ᠲᠠᠲᠠᠭᠤᠷ ᠱᠠᠲᠤᠨ ᠤ ᠨᠢᠭᠡᠳᠦᠭᠡᠷ ᠲᠤ ᠣᠷᠣᠵᠤ᠂ ᠵᠠᠭᠤᠨ ᠮᠧᠲᠷ ᠤᠨ ᠪᠠᠲᠤᠯᠠᠭ᠎ᠠ ᠶᠢᠨ ᠴᠢᠨᠠᠷᠲᠠᠢ ᠬᠤᠪᠢ ᠬᠥᠮᠦᠨ ᠤ | ᠭᠤᠷᠪᠠᠳᠤᠭᠠᠷ᠂ ᠪᠦᠯᠬᠦᠮ ᠤᠨ ᠨᠢᠭᠡᠳᠦᠭᠡᠷ ᠤᠨ ᠣᠮᠣᠭᠰᠢᠯᠲᠠᠢ ᠠᠮᠵᠢᠯᠲᠠ ᠤᠯᠪᠠ᠃ | | | | | | | | | | | | |