| ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠮ ᠲᠡᠭᠡᠭᠡᠪᠦᠷᠢ ᠶᠢᠨ ᠲᠢᠩᠬᠢᠮ᠂ | ᠡᠳ᠋ ᠤᠨ ᠵᠠᠰᠠᠭ ᠤᠨ ᠲᠢᠩᠬᠢᠮ ᠬᠠᠮᠲᠤᠷᠠᠨ ︽ᠬᠥᠳᠡᠭᠡ ᠲᠣᠰᠬᠤᠨ ᠤ ᠠᠶᠠᠨᠴᠢᠳ ᠤᠨ ᠵᠦ᠋ᠭᠡᠭᠡᠪᠤᠷᠢ ᠶᠢᠨ | ᠲᠦᠷᠢᠶᠡᠰᠦᠨ ᠮᠠᠰᠢᠨ ᠲᠡᠷᠭᠡᠨ ᠤ ᠠᠵᠢᠯ ᠲᠥᠷᠥᠯ ᠤᠨ ᠪᠣᠯᠪᠠᠰᠤᠷᠠᠭᠤᠯᠤᠭᠰᠠᠨ ᠲᠣᠰᠣᠨ ᠤ ᠦᠨ᠎ᠡ ᠬᠠᠩᠰᠢ ᠶᠢᠨ | ᠥᠭᠡᠷᠡᠴᠢᠯᠡᠯᠲᠡ ᠶᠢᠨ ᠡᠳ᠋ ᠤᠨ ᠵᠠᠰᠠᠭ ᠤᠨ ᠨᠥᠬᠦᠪᠥᠷᠢ ᠪᠠᠯᠠ ᠮᠥᠩᠭᠦ ᠣᠯᠭᠤᠬᠤ ᠵᠢᠴᠢ ᠨᠢᠭᠡᠳᠦᠯᠲᠡᠶ ᠲᠥᠯᠥᠪᠯᠡᠬᠦ | ᠠᠵᠢᠯ ᠢ ᠰᠠᠶᠢᠲᠤᠷ ᠬᠢᠬᠦ ᠲᠤᠬᠠᠶ ᠮᠡᠳᠡᠭᠳᠡᠯ︾ ᠢ ᠳᠠᠷᠤᠮᠠᠯᠯᠠᠨ ᠲᠠᠷᠬᠠᠭᠠᠵᠤ᠂ ᠬᠠᠮᠢᠶ᠎ᠠ ᠪᠥᠬᠦᠶ ᠪᠠᠯᠠ ᠮᠥᠩᠭᠦ | ᠣᠯᠭᠤᠬᠤ ᠵᠢᠴᠢ ᠨᠢᠭᠡᠳᠦᠯᠲᠡᠶ ᠲᠥᠯᠥᠪᠯᠡᠬᠦ ᠠᠵᠢᠯ ᠢ ᠢᠳᠡᠪᠬᠢᠲᠡᠶ ᠰᠠᠶᠢᠲᠤᠷ ᠬᠢᠬᠦ ᠬᠡᠷᠡᠭᠲᠡᠶ ᠭᠡᠵᠦ ᠡᠯ᠎ᠡ ᠠᠶᠢᠮᠠᠭ | ᠬᠤᠲᠠ ᠶᠢ ᠱᠠᠭᠠᠷᠳᠠᠪᠠ᠃ ᠮᠡᠳᠡᠭᠳᠡᠯ ᠳᠤ ᠱᠠᠭᠠᠷᠳᠠᠭᠰᠠᠨ ᠨᠢ᠂ ᠡᠯ᠎ᠡ ᠠᠶᠢᠮᠠᠭ ᠬᠤᠲᠠ ᠠᠵᠢᠯ ᠲᠥᠷᠥᠯ ᠤᠨ ᠪᠣᠳᠠᠲᠤ | ᠪᠠᠶᠢᠳᠠᠯ ᠲᠠᠢ ᠪᠠᠨ ᠤᠶᠠᠯᠳᠤᠭᠤᠯᠤᠨ ᠲᠣᠰ ᠭᠠᠵᠠᠷ ᠣᠷᠣᠨ ᠤ ᠪᠠᠨ ᠨᠥᠬᠦᠪᠥᠷᠢ ᠪᠠᠯᠠ ᠮᠥᠩᠭᠦ ᠣᠯᠭᠤᠬᠤ | ᠲᠥᠰᠦᠯ ᠢ ᠲᠣᠭᠲᠠᠭᠠᠵᠤ᠂ ᠢᠯᠡ ᠨᠡᠶᠢᠲᠡᠯᠡᠬᠦ ᠲᠦᠷᠢᠮ ᠢ ᠪᠠᠷᠢᠮᠲᠠᠯᠠᠨ᠂ ᠢᠯᠡ ᠲᠣᠳᠣ᠂ ᠡᠷᠬᠡ ᠲᠡᠭᠰᠢ᠂ ᠲᠥᠪ | ᠭᠤᠤᠯᠴᠢ ᠪᠠᠶᠢᠵᠤ᠂ ᠪᠠᠯᠠ ᠮᠥᠩᠭᠦ ᠶᠢ ᠴᠠᠭ ᠲᠤᠬᠠᠶ ᠳᠤᠨᠢ ᠲᠤᠭ᠎ᠠ ᠶᠣᠰᠣᠭᠠᠷ ᠭᠦᠢᠴᠡᠳ ᠣᠯᠭᠤᠬᠤ ᠶᠢ ᠦᠨᠡᠨ ᠬᠦ | ᠪᠠᠲᠤᠯᠠᠬᠤ ᠬᠡᠷᠡᠭᠲᠡᠶ᠃ ᠪᠠᠶᠢᠭᠤᠯᠤᠮᠵᠢᠳᠤ ᠲᠣᠰᠬᠤᠨ ᠳᠤ ᠠᠶᠠᠨᠴᠢᠳ ᠤᠨ ᠮᠠᠰᠢᠨ ᠲᠡᠷᠭᠡ ᠨᠡᠪᠲᠡᠷᠡᠭᠰᠡᠨ ᠦᠷ᠎ᠡ | ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ | ᠤᠷᠤᠭᠤᠲᠠᠯ ᠤᠨ ᠪᠡᠯᠡ ᠮᠥᠩᠭᠦ ᠶᠢ ᠬᠥᠳᠡᠭᠡ ᠲᠣᠰᠬᠤᠨ ᠤ ᠠᠶᠠᠨᠴᠢᠳ ᠤᠨ ᠵᠦᠭᠡᠭᠡᠪᠤᠷᠢ ᠶᠢᠨ ᠠᠵᠦ ᠦᠢᠯᠡᠰ ᠤᠨ | ᠬᠥᠭᠵᠢᠯᠲᠡ ᠳᠤ ᠤᠷᠢᠳ ᠢᠶᠠᠷ ᠬᠡᠷᠡᠭᠯᠡᠵᠦ᠂ ︽ᠪᠤᠴᠠᠬᠤ ᠵᠠᠮ ᠨᠡᠪᠲᠡᠷᠡᠬᠦ ᠦᠭᠡᠢ︾ ᠦᠵᠡᠭᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠢ᠃ ᠨᠢᠭᠡᠳᠦᠯᠲᠡᠶ ᠲᠥᠯᠥᠪᠯᠡᠬᠦ ᠪᠡᠯᠡ ᠮᠥᠩᠭᠦ ᠶᠢ ᠠᠰᠢᠭᠯᠠᠨ ᠳᠠᠭᠠᠭᠤᠯᠢ ᠣᠳᠣᠨ ᠣᠷᠣᠨ | ᠪᠠᠶᠢᠷᠢ ᠲᠣᠭᠲᠠᠭᠠᠬᠤ ᠲᠣᠨᠤᠭ ᠲᠥᠬᠦᠭᠡᠷᠦᠮᠵᠢ ᠶᠢ 100 % ᠪᠠᠷ ᠤᠭᠰᠠᠷᠠᠵᠤ᠂ ᠬᠤᠲᠠ ᠬᠥᠳᠡᠭᠡ ᠶᠢᠨ | ᠠᠶᠠᠨᠴᠢᠳ ᠤᠨ ᠵᠦᠭᠡᠭᠡᠪᠤᠷᠢ ᠶᠢᠨ ᠨᠡᠶᠢᠲᠡ ᠶᠢᠨ ᠮᠠᠰᠢᠨᠴᠢᠯᠠᠭᠰᠠᠨ ᠦᠭᠡᠷᠡᠴᠢᠯᠡᠯᠲᠡ᠂ ᠢᠯᠠᠩᠭᠤᠶ᠎ᠠ ᠰᠢᠨ᠎ᠡ | ᠡᠨᠧᠷᠭᠢ ᠶᠢᠨ ᠰᠢᠨᠡᠴᠢᠯᠡᠯᠲᠡ ᠶᠢᠨ ᠲᠠᠯ᠎ᠠ ᠪᠠᠷ ᠡᠩ ᠲᠡᠷᠢᠭᠦᠨ ᠳᠤ ᠳᠡᠮᠵᠢᠯᠭᠡ ᠦᠵᠡᠭᠦᠯᠦᠨ᠎ᠡ᠃ ᠰᠢᠨ᠎ᠡ ᠡᠨᠧᠷᠭᠢ ᠶᠢᠨ | ᠲᠦᠷᠢᠶᠡᠰᠦᠨ ᠮᠠᠰᠢᠨ ᠲᠡᠷᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠡᠵᠡᠩᠨᠡᠯᠲᠡ ᠶᠢᠨ ᠨᠥᠬᠦᠪᠥᠷᠢ ᠶᠢᠨ | ᠡᠷᠴᠢᠮ ᠢ ᠴᠢᠩᠭᠠᠷᠠᠭᠤᠯᠵᠤ᠂ ᠠᠶᠢᠮᠠᠭ ᠬᠤᠲᠠ ᠶᠢᠨ ᠨᠢᠭᠡᠳᠦᠯᠲᠡᠶ ᠲᠥᠯᠥᠪᠯᠡᠭᠰᠡᠨ ᠲᠣᠰᠣᠨ ᠤ ᠦᠨ᠎ᠡ ᠶᠢᠨ | ᠨᠥᠬᠦᠪᠥᠷᠢ ᠶᠢᠨ ᠪᠠᠯᠠ ᠮᠥᠩᠭᠦ ᠶᠢᠨ ᠳᠣᠲᠣᠷᠠᠬᠢ 30 % ᠠᠴᠠ ᠪᠠᠭ᠎ᠠ ᠥᠬᠡᠶ ᠬᠡᠰᠡᠭ ᠢ ᠨᠢ ᠰᠢᠨ᠎ᠡ ᠡᠨᠧᠷᠭᠢ ᠶᠢᠨ | ᠲᠦᠷᠢᠶᠡᠰᠦᠨ ᠮᠠᠰᠢᠨ ᠲᠡᠷᠭᠡ᠂ ᠬᠤᠲᠠ ᠶᠢᠨ ᠨᠡᠶᠢᠲᠡ ᠶᠢᠨ ᠮᠠᠰᠢᠨ ᠲᠡᠷᠭᠡᠨ ᠤ ᠨᠥᠬᠦᠪᠥᠷᠢ ᠳᠤ ᠬᠡᠷᠡᠭᠯᠡᠨ᠎ᠡ ᠭᠡᠵᠡᠢ᠃ | | | | | | | |