| ᠶᠠᠫᠧᠢ ᠶᠢᠨ ᠪᠦᠬᠦ ᠪᠥᠮᠪᠥᠷᠴᠡᠭ ᠤᠨ ᠠᠯᠪᠠᠨ ᠤ ᠰᠦᠯᠵᠢᠶ᠎ᠡ ᠲᠦᠷᠦᠭᠦᠬᠡᠨ ᠳᠤ ᠨᠢᠯᠬ᠎ᠠ ᠬᠡᠦᠬᠡᠳ ᠤᠨ | ᠨᠠᠶᠢᠷᠠᠯᠭ᠎ᠠ ᠲᠠᠢ ᠭᠤᠷᠪᠠᠨ ᠵᠥᠢᠯ ᠤᠨ ᠰᠦᠨ ᠲᠠᠯᠬ᠎ᠠ ᠶᠢ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠠᠴᠢᠪᠠ᠂ ᠲᠤᠰ | ᠬᠡᠷᠡᠭ ᠲᠤ ᠴᠢᠭᠯᠡᠭᠦᠯᠦᠨ᠂ ᠲᠥᠪ ᠲᠧᠯᠸᠢᠰ ᠤᠨ ᠡᠳ᠋ ᠤᠨ ᠵᠠᠰᠠᠭ ᠠᠵᠤ ᠠᠬᠤᠶ ᠶᠢᠨ ᠰᠤᠷᠪᠤᠯᠵᠢᠯᠠᠭᠴᠢ ᠶᠠᠫᠧᠢ ᠶᠢᠨ | ᠳᠤᠮᠳᠠᠳᠤ ᠤᠯᠤᠰ ᠤᠨ ᠺᠤᠮᠫᠠᠨᠢ ᠲᠠᠢ ᠬᠠᠷᠢᠯᠴᠠᠵᠠᠶ᠂ ᠨᠥᠭᠦᠭᠡ ᠡᠲᠡᠭᠡᠳ ᠨᠢ ᠢᠯᠡᠷᠬᠡᠶᠢᠯᠡᠬᠦ ᠳᠡᠭᠡᠨ᠄ ᠡᠨᠡ | ᠤᠳᠠᠭᠠᠨ ᠤ ᠰᠠᠨᠠᠭᠠᠴᠢᠯᠠᠭ᠎ᠠ ᠠᠴᠠ ᠪᠠᠨ ᠡᠭᠡᠭᠦᠯᠦᠨ ᠠᠪᠠᠴᠢᠭᠰᠠᠨ ᠦᠢᠯᠡᠳᠬᠦᠨ ᠤ ᠳᠣᠲᠣᠷ᠎ᠠ᠂ ᠳᠤᠮᠳᠠᠳᠤ | ᠤᠯᠤᠰ ᠤᠨ ᠵᠠᠬ᠎ᠠ ᠳᠡᠯᠭᠡᠭᠦᠷ ᠤᠨ ᠨᠢᠯᠬ᠎ᠠ ᠬᠡᠦᠬᠡᠳ ᠤᠨ ᠰᠢᠮ᠎ᠡ ᠲᠡᠵᠢᠭᠡᠯ ᠤᠨ ᠨᠥᠬᠦᠪᠥᠷᠢ ᠡᠳ᠋ ᠰᠢᠺᠠᠩ ᠪᠦᠪᠡᠶ | ᠨᠡᠮᠡᠵᠡᠶ᠂ ᠣᠳᠣᠬᠠᠨ ᠳᠤ ᠲᠢᠶᠠᠨ ᠮᠤᠤ᠂ ᠵᠢᠩ ᠳ᠋ᠦᠩ ᠤᠨ ᠶᠠᠫᠧᠢ ᠶᠢᠨ ᠠᠯᠪᠠᠨ ᠤ ᠲᠠᠯ᠎ᠠ ᠶᠢᠨ ᠬᠤᠰᠢᠭᠤᠴᠢ | ᠳᠡᠯᠭᠡᠭᠦᠷ ᠨᠢᠭᠡᠨᠲᠡ ᠡᠨᠡ ᠬᠦ ᠲᠠᠸᠠᠷ ᠢ ᠵᠠᠬ᠎ᠠ ᠳᠡᠯᠭᠡᠭᠦᠷ ᠠᠴᠠ ᠭᠠᠷᠭᠠᠪᠠ ᠭᠡᠵᠡᠶ᠃ ᠬᠡᠷᠪᠡ ᠬᠡᠷᠡᠭᠯᠡᠭᠴᠢᠳ ᠤᠨ | ᠬᠦᠴᠦᠨ ᠲᠠᠢ ᠬᠤᠭᠤᠴᠠᠭ᠎ᠠ ᠨᠢ 2022 ᠣᠨ ᠤ 4 ᠳ᠋ᠤᠭᠡᠷ ᠰᠠᠷ᠎ᠠ ᠶᠢᠨ 1 ᠤ ᠡᠳᠦᠷ ᠠᠴᠠ ᠬᠤᠶᠢᠰᠢᠬᠢ ᠰᠢ ᠺᠠᠩ | ᠪᠦᠪᠡᠶ ᠦᠢᠯᠡᠳᠭᠦᠨ ᠨᠡᠮᠡᠭᠰᠡᠨ ᠪᠠᠶᠢᠪᠠᠯ᠂ ᠠᠯᠪᠠᠨ ᠲᠠᠯ᠎ᠠ ᠶᠢᠨ ᠦᠢᠯᠡᠴᠢᠯᠡᠭᠡᠨ ᠤ ᠤᠲᠠᠰᠤ 400820611 ᠳᠤ | ᠤᠲᠠᠰᠤᠳᠠᠵᠤ ᠪᠠᠷᠠᠭ᠎ᠠ ᠪᠤᠴᠠᠭᠠᠬᠤ ᠵᠥᠪᠯᠡᠯᠭᠡ ᠠᠪᠴᠤ ᠪᠣᠯᠤᠨ᠎ᠠ᠃ ᠶᠠᠫᠸᠢ ᠶᠢᠨ ᠪᠦᠬᠦ ᠪᠥᠮᠪᠥᠷᠴᠡᠭ ᠤᠨ ᠠᠯᠪᠠᠨ ᠤ | ᠰᠦᠯᠵᠢᠶ᠎ᠡ ᠠᠮᠧᠷᠢᠺᠠ ᠶᠢᠨ ᠴᠠᠭ ᠢᠶᠠᠷ 2 ᠰᠠᠷ᠎ᠠ ᠶᠢᠨ 17 ᠤ ᠡᠳᠦᠷ ᠠᠮᠧᠷᠢᠺᠠ ᠶᠢᠨ ᠮᠢᠰᠢᠭᠠᠨ ᠵᠧᠤ ᠶᠢᠨ | ᠦᠢᠯᠡᠳᠪᠦᠷᠢ ᠶᠢᠨ ᠦᠢᠯᠡᠳᠪᠦᠷᠢᠯᠡᠭᠰᠡᠨ Similac᠂ Alimentum᠂ EleCare ᠵᠡᠷᠭᠡ ᠨᠢᠯᠬ᠎ᠠ | ᠬᠡᠦᠬᠡᠳ ᠤᠨ ᠨᠠᠶᠢᠷᠠᠯᠭ᠎ᠠ ᠲᠠᠢ ᠭᠤᠷᠪᠠᠨ ᠵᠦᠢᠯ ᠤᠨ ᠰᠦᠨ ᠲᠠᠯᠬ᠎ᠠ ᠶᠢ ᠰᠠᠨᠠᠭᠠᠴᠢᠯᠠᠭ᠎ᠠ ᠠᠴᠠ ᠪᠠᠨ ᠡᠭᠡᠭᠦᠯᠦᠨ | ᠠᠪᠴᠢᠷᠠᠬᠤ ᠪᠠᠷ ᠲᠤᠩᠬᠠᠭᠯᠠᠵᠠᠶ᠃ ᠬᠤᠯᠪᠣᠭᠳᠠᠯ ᠪᠦᠬᠦᠢ ᠰᠦᠨ ᠲᠠᠯᠬ᠎ᠠ ᠶᠢᠨ ᠲᠤᠬᠠᠶ ᠬᠡᠷᠡᠭᠯᠡᠭᠴᠢᠳ ᠡᠬᠦᠨ ᠠᠴᠠ | ᠡᠮᠦᠨ᠎ᠡ ᠨᠢᠭᠡᠨᠲᠡ 4 ᠤᠳᠠᠭ᠎ᠠ ᠵᠠᠭᠠᠯᠳᠤᠵᠠᠶ᠃ ᠶᠠᠫᠧᠢ ᠬᠡᠯᠡᠬᠦ ᠳᠡᠭᠡᠨ᠂ ᠶᠠᠰᠤ ᠴᠢᠨᠠᠷ ᠢ ᠰᠢᠯᠭᠠᠨ ᠪᠠᠶᠢᠴᠠᠭᠠᠬᠤ | ᠶᠠᠪᠤᠴᠠ ᠶᠢᠨ ᠨᠢᠭᠡ ᠬᠡᠰᠡᠭ ᠪᠣᠯᠤᠭᠰᠠᠨ ᠤ ᠬᠤᠪᠢ ᠳᠤ᠂ ᠺᠣᠮᠫᠠᠨᠢ ᠨᠢ ᠮᠢᠰᠢᠭᠠᠨ ᠵᠧᠤ ᠶᠢᠨ ᠦᠢᠯᠡᠳᠪᠦᠷᠢ ᠳᠤ | ᠰᠢᠯᠭᠠᠨ ᠪᠠᠶᠢᠴᠠᠭᠠᠯᠲᠠ ᠬᠢᠵᠦ᠂ ᠦᠢᠯᠡᠳᠪᠦᠷᠢ ᠶᠢᠨ ᠦᠢᠯᠡᠳᠬᠦᠨ ᠳᠤ ᠦᠯᠦ ᠬᠦᠷᠦᠯᠴᠡᠬᠦ ᠣᠷᠣᠨ ᠪᠦᠰᠡ ᠳᠤ | ᠰᠧᠰᠡᠺᠢ ᠭᠡᠳᠡᠰᠦᠨ ᠤ ᠰᠠᠪᠬᠠᠨᠴᠢᠷ ᠪᠠᠺᠲ᠋ᠧᠷᠢ ᠪᠠᠶᠢᠬᠤ ᠶᠢ ᠢᠯᠡᠷᠡᠭᠦᠯᠪᠡ᠂ ᠭᠡᠪᠡᠴᠦ ᠰᠠᠯᠮᠤᠨᠧᠯ ᠪᠠᠺᠲ᠋ᠧᠷᠢ | ᠣᠷᠣᠰᠢᠵᠤ ᠪᠠᠶᠢᠬᠤ ᠶᠢ ᠭᠡᠷᠡᠴᠢᠯᠡᠬᠦ ᠭᠡᠷᠡᠴᠢ ᠪᠠᠷᠢᠮᠲᠠ ᠥᠬᠡᠶ᠂ ᠣᠳᠣᠬᠠᠨ ᠳᠤ ᠪᠠᠶᠢᠴᠠᠭᠠᠯᠲᠠ ᠮᠥᠨ ᠯᠡ | ᠶᠠᠪᠤᠭᠳᠠᠵᠤ ᠪᠠᠶᠢᠨ᠎ᠠ ᠭᠡᠵᠡᠶ᠃ ᠰᠧᠰᠡᠺᠢ ᠭᠡᠳᠡᠰᠦᠨ ᠤ ᠰᠠᠪᠬᠠᠨᠴᠢᠷ ᠪᠠᠺᠲ᠋ᠧᠷᠢ ᠪᠣᠯ ᠣᠷᠴᠢᠨ ᠲᠣᠭᠤᠷᠢᠨ ᠳᠤ | ᠣᠷᠣᠰᠢᠵᠤ ᠪᠠᠶᠢᠭ᠎ᠠ ᠨᠢᠭᠡ ᠵᠦᠢᠯ ᠤᠨ ᠡᠪᠡᠳᠴᠢᠨ ᠡᠭᠦᠰᠭᠡᠬᠦ ᠪᠠᠺᠲ᠋ᠧᠷᠢ ᠮᠥᠨ᠂ 0 - 6 ᠰᠠᠷ᠎ᠠ ᠶᠢᠨ ᠨᠢᠯᠬ᠎ᠠ | ᠬᠡᠦᠬᠡᠳ᠂ ᠢᠯᠠᠩᠭᠤᠶ᠎ᠠ ᠡᠷᠲᠡ ᠦᠵᠡᠭᠳᠡᠭᠰᠡᠨ ᠬᠡᠦᠬᠡᠳ᠂ ᠪᠡᠶ᠎ᠡ ᠶᠢᠨ ᠬᠦᠨᠳᠦ ᠨᠢ ᠳᠣᠣᠷ᠎ᠠ ᠬᠡᠦᠬᠡᠳ ᠵᠢᠴᠢ | ᠡᠭᠡᠯᠢᠯᠡᠭᠡ ᠶᠢᠨ ᠴᠢᠳᠠᠪᠤᠷᠢ ᠨᠢ ᠳᠤᠲᠠᠮᠠᠭ ᠨᠢᠯᠬ᠎ᠠ ᠬᠡᠦᠬᠡᠳ ᠲᠤ ᠨᠡᠯᠢᠶᠡᠳ ᠥᠨᠳᠥᠷ ᠡᠷᠡᠭᠦᠯ ᠮᠡᠨᠳᠦ ᠶᠢᠨ | ᠠᠶᠤᠯ ᠲᠠᠢ ᠪᠠᠶᠢᠳᠠᠭ᠃ | |