| ᠥᠭᠡᠷᠡᠴᠢᠯᠡᠭᠰᠡᠨ᠂ ᠪᠦᠷ ᠥᠭᠡᠷᠡᠴᠢᠯᠡᠭᠰᠡᠨ ᠡ︕ ᠪᠦᠷᠢᠨ ᠪᠤᠰᠤ ᠪᠦᠷᠢᠳᠬᠡᠯ ᠢ ᠦᠨᠳᠦᠰᠦᠯᠡᠪᠡᠯ᠂ 3 | ᠰᠠᠷ᠎ᠠ ᠶᠢᠨ 15 ᠤ ᠡᠳᠦᠷ ᠪᠣᠯᠲᠠᠯ᠎ᠠ᠂ ᠴᠤᠤᠷᠢᠶ᠎ᠠ᠂ ᠥᠨᠥᠳᠦᠷ ᠤᠨ ᠲᠡᠷᠢᠭᠦᠨ ᠵᠤᠷᠪᠤᠰ᠂ ᠸᠢᠴᠠᠲ᠂ ᠲᠤᠤ ᠪᠦᠦ᠂ | ᠪᠠᠶ ᠳ᠋ᠦ᠋᠂ ᠣᠯᠠᠨ ᠨᠡᠶᠢᠲᠡ ᠶᠢᠨ ᠦᠨᠡᠯᠡᠯᠲᠡ᠂ ᠪᠢᠴᠢᠯ ᠪᠯᠤᠭ ᠵᠡᠷᠭᠡ APP ᠴᠥᠮ ᠰᠦᠯᠵᠢᠶᠡᠨ ᠳᠤ ᠭᠠᠷᠬᠤ | ᠪᠣᠳᠣᠯᠭ᠎ᠠ ᠶᠢᠨ ᠳᠠᠷᠤᠪᠴᠢ ᠶᠢ ᠬᠠᠭᠠᠵᠤ᠂ ᠬᠡᠷᠡᠭᠯᠡᠭᠴᠢᠳ ᠠᠷᠤ ᠲᠠᠪᠴᠠᠩ ᠤᠨ ᠨᠢᠭᠡ ᠳᠠᠷᠤᠪᠴᠢ ᠪᠠᠷ ︽ | ᠥᠪᠡᠷᠮᠢᠴᠡ ᠲᠠᠨᠢᠯᠴᠠᠭᠤᠯᠭ᠎ᠠ︾ ᠪᠠᠨ ᠬᠠᠭᠠᠬᠤ ᠶᠢ ᠵᠥᠪᠰᠢᠶᠡᠷᠡᠪᠡ᠃ ︽3᠂ 15︾ ᠤ ᠳᠡᠯᠡᠬᠡᠶ ᠶᠢᠨ | ᠬᠡᠷᠡᠭᠯᠡᠭᠴᠢᠳ ᠤᠨ ᠡᠷᠬᠡ ᠠᠰᠢᠭ ᠤᠨ ᠡᠳᠦᠷ ᠬᠦᠷᠴᠦ ᠢᠷᠡᠬᠦ ᠲᠠᠰᠢᠷᠠᠮ ᠳᠤ᠂ ᠬᠤᠪᠢ ᠬᠥᠮᠦᠨ ᠤ ᠨᠢᠭᠤᠴᠠ ᠶᠢ | ᠬᠠᠮᠠᠭᠠᠯᠠᠬᠤ ᠠᠵᠢᠯ ᠶᠡᠬᠡᠬᠡᠨ ᠠᠬᠢᠴᠠ ᠲᠠᠢ ᠪᠣᠯᠵᠣ᠂ ᠬᠡᠷᠡᠭᠯᠡᠭᠴᠢᠳ ᠤᠨ ᠡᠷᠬᠡ ᠠᠰᠢᠭ ᠪᠠᠲᠤᠯᠠᠭ᠎ᠠ ᠲᠠᠢ ᠪᠣᠯᠵᠣ᠂ | ᠬᠥᠮᠦᠰ ᠢ ᠪᠠᠶᠠᠰᠬᠠᠨ᠎ᠠ᠃ ᠣᠶᠢᠷ᠎ᠠ ᠶᠢᠨ ᠬᠡᠳᠦᠨ ᠵᠢᠯ ᠳᠤ᠂ ᠴᠥᠭᠡᠨ ᠪᠤᠰᠤ APP ︽ᠵᠢᠰᠦ ᠪᠦᠷᠢ ᠶᠢᠨ ᠬᠦᠮᠤᠨ︾ | ᠭᠡᠬᠦ ᠤᠷᠢᠶ᠎ᠠ ᠶᠢ ᠳᠤᠷᠠᠳᠴᠤ᠂ ᠪᠤᠳᠤᠬᠤ ᠠᠷᠭ᠎ᠠ ᠳᠤ ᠰᠠᠭᠤᠷᠢᠯᠠᠨ ᠬᠡᠷᠡᠭᠯᠡᠭᠴᠢᠳ ᠲᠤ ᠨᠠᠷᠢᠯᠢᠭ ᠣᠨᠣᠴᠠᠲᠠᠶ | ᠬᠦᠷᠭᠡᠯᠲᠡ ᠬᠠᠩᠭᠠᠵᠤ ᠪᠠᠶᠢᠨ᠎ᠠ᠃ ᠵᠠᠬ᠎ᠠ ᠳᠡᠯᠭᠡᠭᠦᠷ ᠪᠠᠰᠠ ᠡᠶᠢᠮᠤᠷᠡᠬᠦ ᠬᠤᠳᠠᠯᠳᠤᠭᠠᠨ ᠤ ᠬᠡᠯᠪᠡᠷᠢ ᠶᠢ ᠮᠡᠳᠡᠷᠡᠵᠦ᠂ | ᠬᠡᠨ ᠬᠡᠷᠡᠭᠯᠡᠭᠴᠢ ᠶᠢᠨ ᠰᠠᠨᠠᠭ᠎ᠠ ᠶᠢ ᠣᠨᠣᠪᠴᠢᠲᠠᠢ ᠲᠠᠭᠠᠮᠠᠭᠯᠠᠪᠠᠯ᠂ ᠬᠡᠨ ᠤ ᠵᠠᠷ ᠨᠢ ᠢᠯᠡᠭᠦᠦ ᠣᠯᠤᠨ᠎ᠠ᠃ ᠭᠡᠪᠡᠴᠦ | APP ᠶᠢᠨ ᠬᠢᠨ ︽ᠵᠢᠰᠦ ᠪᠦᠷᠢ ᠶᠢᠨ ᠬᠦᠮᠤᠨ︾ ᠨᠢ ᠬᠡᠷᠡᠭᠯᠡᠭᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢ | ᠶᠡᠭᠡ ᠬᠡᠪᠴᠢᠶ᠎ᠡ ᠪᠠᠷ ᠴᠤᠭᠯᠠᠭᠤᠯᠤᠨ ᠬᠡᠷᠡᠭᠯᠡᠳᠡᠭ ᠢ ᠰᠠᠨᠠᠭᠠᠴᠢᠯᠠᠭ᠎ᠠ ᠠᠴᠠ ᠪᠠᠨ ᠰᠠᠨᠠᠭᠤᠯᠬᠤ ᠨᠢ ᠲᠤᠩ ᠴᠦᠭᠡᠨ᠂ | ᠨᠠᠩ ᠴᠤ ᠥᠪᠡᠷ ᠤᠨ ᠡᠳ᠋ ᠮᠥᠩᠭᠦᠨ ᠤ ᠵᠠᠮ ᠢᠶᠠᠨ ᠲᠠᠰᠤᠯᠵᠦ ᠪᠠᠶᠢᠭᠠᠳ ᠪᠤᠲᠤᠯᠭ᠎ᠠ ᠶᠢᠨ ᠳᠠᠷᠤᠪᠴᠢ ᠶᠢ | ᠬᠠᠭᠠᠬᠤ ᠶᠢ ᠵᠢᠷᠤᠵᠤ ᠲᠥᠯᠥᠪᠯᠡᠬᠦ ᠵᠣᠷᠢᠭ ᠥᠬᠡᠶ ᠪᠠᠶᠢᠪᠠ᠃ ᠡᠨᠡ ᠵᠢᠯ ᠤᠨ 1 ᠰᠠᠷ᠎ᠠ ᠳᠤ᠂ ︽ᠢᠨᠲ᠋ᠧᠷ | ᠰᠦᠯᠵᠢᠶᠡᠨ ᠤ ᠮᠡᠳᠡᠭᠡ ᠵᠠᠩᠭᠢ ᠶᠢᠨ ᠦᠢᠯᠡᠴᠢᠯᠡᠭᠡᠨ ᠤ ᠪᠤᠳᠤᠬᠤ ᠠᠷᠭ᠎ᠠ ᠶᠢ ᠲᠠᠨᠢᠯᠴᠠᠭᠤᠯᠬᠤ ᠬᠠᠮᠢᠶᠠᠷᠤᠯᠲᠠ ᠶᠢᠨ | ᠲᠣᠭᠲᠠᠭᠠᠯ︾ ᠨᠡᠶᠢᠲᠡᠯᠡᠭᠳᠡᠵᠦ᠂ ᠪᠤᠳᠤᠬᠤ ᠠᠷᠭ᠎ᠠ ᠶᠢ ᠲᠠᠨᠢᠯᠴᠠᠭᠤᠯᠬᠤ ᠦᠢᠯᠡᠴᠢᠯᠡᠭᠡ ᠬᠠᠩᠭᠠᠭᠴᠢ ᠠᠴᠠ ᠪᠤᠳᠤᠬᠤ | ᠠᠷᠭ᠎ᠠ ᠶᠢ ᠲᠠᠨᠢᠯᠴᠠᠭᠤᠯᠬᠤ ᠦᠢᠯᠡᠴᠢᠯᠡᠭᠡ ᠬᠠᠩᠭᠠᠭᠰᠠᠨ ᠪᠠᠶᠢᠳᠠᠯ ᠢᠶᠠᠨ ᠬᠡᠷᠡᠭᠯᠡᠭᠴᠢᠳ ᠲᠤ ᠮᠡᠳᠡᠭᠳᠡᠬᠦ ᠬᠡᠷᠡᠭᠲᠡᠶ︔ | ᠬᠡᠷᠡᠭᠯᠡᠭᠴᠢᠳ ᠲᠤ ᠲᠡᠭᠦᠨ ᠤ ᠬᠤᠪᠢ ᠬᠥᠮᠦᠨ ᠤ ᠣᠨᠴᠠᠯᠢᠭ ᠲᠤ ᠴᠢᠭᠯᠡᠭᠦᠯᠦᠭᠰᠡᠨ ᠦᠭᠡᠢ ᠰᠣᠩᠭᠤᠯᠲᠠ ᠶᠢᠨ ᠵᠦᠢᠯ | ᠪᠤᠶᠤ ᠬᠡᠷᠡᠭᠯᠡᠭᠴᠢᠳ ᠲᠤ ᠳᠥᠭᠦᠮ ᠳᠥᠲᠡ ᠬᠠᠩᠭᠠᠬᠤ ᠪᠤᠳᠤᠯᠭ᠎ᠠ ᠶᠢᠨ ᠠᠷᠭ᠎ᠠ ᠶᠢᠨ ᠲᠠᠨᠢᠯᠴᠠᠭᠤᠯᠭ᠎ᠠ ᠶᠢᠨ | ᠦᠢᠯᠡᠴᠢᠯᠡᠭᠡ ᠬᠠᠩᠭᠠᠬᠤ ᠰᠣᠩᠭᠤᠯᠲᠠ ᠶᠢᠨ ᠵᠦᠢᠯ ᠢ ᠬᠠᠩᠭᠠᠬᠤ ᠬᠡᠷᠡᠭᠲᠡᠢ ᠭᠡᠵᠦ ᠲᠤᠲᠤᠷᠬᠠᠢ ᠲᠤᠭᠲᠠᠭᠠᠵᠠᠢ᠃ | ᠲᠤᠰ ᠲᠣᠭᠲᠠᠭᠠᠯ ᠢ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠂ APP ᠨᠠᠷ ᠥᠭᠡᠷᠡᠴᠢᠯᠡᠬᠦ | ᠲᠣᠷ᠎ᠠ ᠦᠭᠡᠢ ᠪᠠᠶᠢᠭᠰᠠᠨ ᠴᠤ ᠦᠭᠡᠷᠡᠴᠢᠯᠡᠬᠦ ᠦᠭᠡᠢ ᠪᠠᠶᠢᠬᠤ ᠶᠢᠨ ᠠᠷᠭ᠎ᠠ ᠦᠭᠡᠢ ᠪᠤᠯᠵᠠᠢ᠃ | |