ᠠᠶᠤᠯ ᠲᠠᠢ︕ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠪᠡ︕ ᠲᠠᠨ ᠤ ᠵᠣᠭᠤᠰᠣᠨ ᠤᠭᠤᠲᠠ ᠲᠠᠢ ᠬᠤᠯᠪᠤᠭᠳᠠᠨ᠎ᠠ
ᠨᠡᠶᠢᠲᠡᠯᠡᠭᠰᠡᠨ ᠴᠠᠭ᠄
2022/7/1
     3 ᠰᠠᠷ᠎ᠠ ᠶᠢᠨ 14᠎ ᠤ ᠡᠳᠦᠷ᠂ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ︽ᠬᠡᠲᠦ ᠵᠢᠭᠡᠯᠡᠯᠭᠡ ᠪᠣᠷᠣᠯᠠᠭᠤᠯᠭ᠎ᠠ ᠠᠴᠠ ᠪᠣᠯᠤᠭᠰᠠᠨ ᠲᠦᠭᠰᠢᠭᠦᠷᠢ ᠶᠢ ᠰᠡᠷᠡᠮᠵᠢᠯᠡᠬᠦ ᠲᠤᠬᠠᠶ ᠰᠠᠨᠠᠭᠤᠯᠤᠮᠵᠢ︾ ᠨᠡᠶᠢᠲᠡᠯᠡᠪᠡ᠂ ᠣᠳᠣᠬᠠᠨ ᠳᠤ᠂ ᠢᠲᠡᠭᠡᠮᠵᠢ ᠶᠢᠨ ᠺᠠᠷᠲ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠬᠤᠪᠢ ᠬᠥᠮᠦᠨ ᠤ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠨᠢ ᠡᠯ᠎ᠡ ᠵᠦᠢᠯ ᠤᠨ ᠬᠡᠷᠡᠭᠯᠡᠭᠡ ᠲᠠᠢ ᠭᠦᠨ ᠤᠶᠠᠯᠳᠤᠵᠤ᠂ ᠵᠣᠬᠢᠬᠤ ᠬᠡᠮᠵᠢᠶᠡᠨ ᠳᠡᠭᠡᠷ᠎ᠡ ᠠᠮᠢᠳᠤᠷᠠᠯ ᠳᠤ ᠲᠥᠬᠦᠮ ᠦᠵᠡᠭᠦᠯᠵᠦ᠂ ᠴᠠᠭ ᠲᠤᠬᠠᠶ ᠳᠤᠨᠢ ᠳᠥᠯᠥᠬᠦ ᠳᠠᠷᠤᠯᠲᠠ ᠶᠢ ᠬᠥᠩᠭᠡᠷᠡᠭᠦᠯᠪᠡ᠂ ᠭᠡᠪᠡᠴᠦ ᠬᠡᠷᠡᠭᠯᠡᠭᠴᠢᠳ ᠬᠡᠷᠪᠡ ᠣᠯᠠᠨ ᠤᠳᠠᠭ᠎ᠠ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢ ᠳᠠᠪᠬᠤᠷᠯᠠᠨ ᠬᠡᠷᠡᠭᠯᠡᠪᠡᠯ᠂ ᠬᠡᠲᠦ ᠥᠷᠢᠲᠦᠬᠦ᠂ ᠢᠲᠡᠭᠡᠮᠵᠢ ᠠᠯᠳᠠᠵᠦ ᠬᠤᠬᠢᠷᠠᠬᠤ ᠵᠡᠷᠭᠡ ᠠᠶᠤᠯ ᠲᠦᠭᠰᠢᠭᠦᠷᠢ ᠶᠢ ᠠᠮᠠᠷᠬᠠᠨ ᠡᠭᠦᠰᠭᠡᠳᠡᠭ᠃ ᠣᠶᠢᠷ᠎ᠠ ᠶᠢᠨ ᠵᠢᠯ ᠠᠴᠠ ᠨᠠᠭᠠᠰᠢ᠂ ᠬᠡᠷᠡᠭᠯᠡᠭᠴᠢᠳ ᠤᠨ ᠵᠠᠭᠠᠯᠳᠤᠯᠭ᠎ᠠ ᠶᠢ ᠬᠡᠳᠦ ᠢᠲᠡᠭᠡᠮᠵᠢ ᠣᠯᠭᠤᠬᠤ᠂ ᠢᠲᠡᠭᠡᠮᠵᠢ ᠶᠢᠨ ᠺᠠᠷᠲ ᠤᠨ ᠬᠤᠭᠤᠴᠠᠭ᠎ᠠ ᠬᠤᠪᠢᠶᠠᠭᠰᠠᠨ ᠭᠠᠷ ᠭᠦᠢᠴᠡᠳᠬᠡᠯ ᠤᠨ ᠰᠦᠢᠳᠬᠡᠯ ᠪᠤᠶᠤ ᠪᠣᠯᠵᠤᠭ᠎ᠠ ᠵᠥᠷᠢᠴᠡᠭᠰᠡᠨ ᠮᠥᠩᠭᠦ ᠥᠨᠳᠥᠷ᠂ ᠬᠦᠴᠦᠷᠬᠡᠭᠯᠡᠯ ᠢᠶᠠᠷ ᠨᠡᠬᠡᠵᠦ ᠠᠪᠬᠤ ᠵᠡᠷᠭᠡ ᠪᠠᠶᠢᠳᠠᠯ ᠪᠠᠶᠢᠨ ᠳᠠᠬᠢᠨ ᠭᠠᠷᠴᠤ ᠪᠠᠶᠢᠨ᠎ᠠ᠃ ᠡᠭᠦᠨ ᠠᠴᠠ ᠭᠠᠳᠠᠨ᠎ᠠ᠂ ᠵᠠᠷᠢᠮ ᠬᠤᠳᠠᠯᠳᠤᠭᠠᠴᠢᠨ ᠬᠡᠷᠡᠭᠯᠡᠭᠴᠢᠳ ᠢ ᠥᠳᠥᠭᠡᠨ ᠵᠢᠭᠡᠯᠡᠯᠭᠡ ᠠᠪᠤᠭᠤᠯᠬᠤ ᠪᠤᠶᠤ ᠬᠡᠲᠦᠷᠡᠭᠦᠯᠦᠨ ᠵᠠᠷᠤᠬᠤ ᠠᠷᠭ᠎ᠠ ᠮᠠᠶ᠋ᠢᠭ ᠢᠶᠠᠷ ᠵᠠᠷᠤᠳᠠᠯ ᠢ ᠨᠢ ᠤᠷᠢᠳᠴᠢᠯᠠᠨ ᠲᠤᠰᠢᠶᠠᠯᠭᠠᠳᠠᠭ᠃ ᠰᠡᠭᠦᠯᠡᠷ ᠨᠢ ᠡᠯ᠎ᠡ ᠵᠥᠢᠯ ᠤᠨ ᠰᠢᠯᠲᠠᠭᠠᠨ ᠠᠴᠠ ᠪᠣᠯᠵᠣ ᠦᠷᠭᠦᠯᠵᠢᠯᠡᠨ ᠡᠵᠡᠩᠨᠡᠵᠦ ᠴᠢᠳᠠᠬᠤ ᠥᠬᠡᠶ ᠪᠣᠯᠵᠣ᠂ ᠬᠡᠷᠡᠭᠯᠡᠭᠴᠢᠳ ᠨᠢᠭᠡᠨᠲᠡ ᠬᠤᠳᠠᠯᠳᠤᠨ ᠠᠪᠤᠭᠰᠠᠨ ᠦᠢᠯᠡᠴᠢᠯᠡᠭᠡ ᠪᠠᠨ ᠡᠳ᠋ᠯᠡᠬᠦ ᠶᠢᠨ ᠠᠷᠭ᠎ᠠ ᠥᠬᠡᠶ ᠪᠤᠯᠳᠠᠭ ᠢᠶᠠᠷ ᠪᠠᠷᠠᠬᠤ ᠥᠬᠡᠶ ᠪᠠᠰᠠ ᠵᠣᠭᠤᠰ ᠪᠤᠴᠠᠭᠠᠬᠤ ᠳᠠᠷᠤᠯᠲᠠ ᠪᠠ ᠡᠷᠬᠡ ᠪᠠᠨ ᠬᠠᠮᠠᠭᠠᠯᠠᠬᠤ ᠳᠤ ᠬᠦᠴᠢᠷᠳᠡᠯ ᠲᠤᠯᠭᠠᠷᠠᠳᠠᠭ ᠪᠠᠶᠢᠨ᠎ᠠ᠃ ᠡᠭᠦᠨ ᠤ ᠲᠤᠬᠠᠶ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠪᠴᠢᠶ᠎ᠠ 2022 ᠣᠨ ᠤ 2 ᠳ᠋ᠤᠭᠠᠷ ᠬᠤᠭᠤᠴᠠᠭᠠᠨ ᠤ ᠬᠡᠷᠡᠭᠯᠡᠭᠴᠢᠳ ᠤᠨ ᠠᠶᠤᠯ ᠲᠦᠭᠰᠢᠭᠦᠷᠢ ᠶᠢᠨ ᠰᠠᠨᠠᠭᠤᠯᠤᠮᠵᠢ ᠨᠡᠶᠢᠲᠡᠯᠡᠵᠦ᠂ ᠬᠡᠲᠦ ᠵᠢᠭᠡᠯᠡᠯᠭᠡ ᠪᠣᠷᠣᠯᠠᠭᠤᠯᠭ᠎ᠠ ᠶᠢᠨ ᠤᠨᠠᠭᠤᠯᠢ ᠠᠴᠠ ᠬᠤᠯᠠ ᠪᠠᠶᠢᠵᠤ᠂ ᠬᠡᠲᠦ ᠢᠲᠡᠭᠡᠮᠵᠢᠲᠦ ᠵᠢᠭᠡᠯᠡᠯᠭᠡ ᠶᠢᠨ ᠠᠶᠤᠯ ᠲᠦᠭᠰᠢᠭᠦᠷᠢ ᠶᠢ ᠰᠡᠷᠭᠡᠶᠢᠯᠡᠬᠦ ᠬᠡᠷᠡᠭᠲᠡᠶ ᠭᠡᠵᠦ ᠬᠡᠷᠡᠭᠯᠡᠭᠴᠢᠳ ᠲᠤ ᠰᠠᠨᠠᠭᠤᠯᠵᠠᠶ᠃ ᠨᠢᠭᠡ ᠳᠤ᠂ ᠬᠡᠷᠡᠭᠯᠡᠭᠴᠢᠳ ᠢ ᠥᠳᠥᠭᠡᠨ ᠵᠢᠭᠡᠯᠡᠬᠦᠯᠬᠦ᠂ ᠢᠲᠡᠭᠡᠮᠵᠢ ᠶᠢᠨ ᠺᠠᠷᠲ ᠶᠢ ᠬᠤᠭᠤᠴᠠᠭ᠎ᠠ ᠬᠤᠪᠢᠶᠠᠬᠤ ᠵᠡᠷᠭᠡ ᠲᠤᠬᠠᠶᠢᠯᠠᠭᠰᠠᠨ ᠠᠵᠢᠯ ᠢ ᠬᠢᠯᠭᠡᠵᠦ᠂ ᠬᠡᠷᠡᠭᠯᠡᠭᠴᠢᠳ ᠤᠨ ᠪᠠᠶᠢᠳᠠᠯ ᠢ ᠮᠡᠳᠡᠬᠦ ᠡᠷᠬᠡ ᠪᠠ ᠡᠵᠡᠨ ᠮᠡᠳᠡᠵᠦ ᠰᠣᠩᠭᠤᠬᠤ ᠡᠷᠬᠡ ᠳᠤ ᠬᠠᠯᠳᠠᠳᠠᠭ᠃ ᠬᠤᠶᠠᠷ ᠲᠤ᠂ ᠬᠡᠷᠡᠭᠯᠡᠭᠴᠢᠳ ᠢ ᠥᠳᠥᠭᠡᠨ ᠤᠷᠢᠳᠴᠢᠯᠠᠨ ᠬᠡᠷᠡᠭᠯᠡᠭᠡ ᠬᠢᠯᠭᠡᠳᠡᠭ᠃ ᠭᠤᠷᠪᠠ ᠳᠤ᠂ ᠬᠡᠷᠡᠭᠯᠡᠭᠴᠢᠳ ᠢ ᠥᠳᠥᠭᠡᠵᠦ ᠪᠠᠶᠢᠭᠠᠳ ᠬᠡᠷᠡᠭᠯᠡᠭᠡᠨ ᠤ ᠵᠢᠭᠡᠯᠡᠯᠭᠡ ᠶᠢ ᠬᠡᠷᠡᠭᠯᠡᠭᠡᠨ ᠤ ᠪᠤᠰᠤ ᠬᠦᠷᠢᠶᠡᠨ ᠳᠤ ᠬᠡᠷᠡᠭᠯᠡᠭᠦᠯᠳᠡᠭ᠃ ᠳᠥᠷᠪᠡ ᠳᠤ᠂ ᠬᠤᠪᠢ ᠬᠥᠮᠦᠨ ᠤ ᠮᠡᠳᠡᠭᠡ ᠵᠠᠩᠭᠢ ᠶᠢ ᠤᠯᠠᠨ ᠴᠤᠭᠯᠠᠭᠤᠯᠵᠤ᠂ ᠬᠡᠷᠡᠭᠯᠡᠭᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠤ ᠡᠷᠬᠡ ᠳᠤ ᠬᠠᠯᠳᠠᠳᠠᠭ᠃ ᠳᠡᠭᠡᠷ᠎ᠡ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ᠂ ᠳᠤᠮᠳᠠᠳᠤ ᠤᠯᠤᠰ ᠤᠨ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠵᠥᠪᠯᠡᠯ ᠤᠨ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠲᠣᠪᠴᠢᠶ᠎ᠠ ᠠᠴᠠ ᠬᠡᠷᠡᠭᠯᠡᠭᠴᠢᠳ ᠲᠤ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢᠨ ᠬᠤᠯᠪᠣᠭᠳᠠᠯ ᠪᠥᠬᠦᠶ ᠲᠥᠷᠥ ᠶᠢᠨ ᠪᠣᠳᠣᠯᠭ᠎ᠠ ᠪᠠ ᠠᠶᠤᠯ ᠲᠦᠭᠰᠢᠭᠦᠷᠢ ᠶᠢ ᠣᠶᠢᠯᠠᠭᠠᠵᠤ᠂ ᠬᠡᠲᠦ ᠢᠲᠡᠭᠡᠮᠵᠢᠲᠦ ᠵᠢᠭᠡᠯᠡᠯᠭᠡ ᠶᠢᠨ ᠬᠡᠲᠦ ᠵᠠᠷᠤᠬᠤ ᠬᠡᠷᠡᠭᠯᠡᠭᠡᠨ ᠤ ᠠᠶᠤᠯ ᠲᠦᠭᠰᠢᠭᠦᠷᠢ ᠶᠢ ᠰᠡᠷᠭᠡᠶᠢᠯᠡᠵᠦ᠂ ᠬᠠᠤᠯᠢ ᠴᠠᠭᠠᠵᠠ ᠶᠢᠨ ᠤᠬᠠᠮᠰᠠᠷ ᠢᠶᠠᠨ ᠳᠡᠭᠡᠭᠰᠢᠯᠡᠭᠦᠯᠵᠦ᠂ ᠬᠠᠤᠯᠢ ᠶᠣᠰᠣᠨ ᠤ ᠡᠷᠬᠡ ᠠᠰᠢᠭ ᠢᠶᠠᠨ ᠬᠠᠮᠠᠭᠠᠯᠠᠬᠤ ᠬᠡᠷᠡᠭᠲᠡᠶ ᠭᠡᠵᠦ ᠰᠠᠨᠠᠭᠤᠯᠵᠠᠶ᠃ ᠨᠢᠭᠡ᠂ ᠣᠷᠣᠯᠭ᠎ᠠ ᠪᠠᠨ ᠦᠨᠳᠦᠰᠦᠯᠡᠨ ᠬᠡᠷᠡᠭᠯᠡᠭᠡ ᠬᠢᠬᠦ ᠦᠵᠡᠯᠲᠡ ᠶᠢ ᠪᠠᠷᠢᠮᠲᠠᠯᠠᠵᠤ᠂ ᠢᠲᠡᠭᠡᠮᠵᠢ ᠶᠢᠨ ᠺᠠᠷᠲ᠂ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠵᠡᠷᠭᠡ ᠦᠢᠯᠡᠴᠢᠯᠡᠭᠡ ᠶᠢ ᠵᠤᠬᠢᠰᠲᠠᠢ ᠬᠡᠷᠡᠭᠯᠡᠬᠦ ᠬᠡᠷᠡᠭᠲᠡᠢ᠃ ᠬᠤᠶᠠᠷ᠂ ᠵᠣᠬᠢᠰᠲᠠᠶ ᠬᠡᠷᠡᠭᠯᠡᠵᠦ᠂ ᠵᠢᠩᠬᠢᠨᠢ ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠵᠢᠩᠬᠢᠨᠢ ᠠᠷᠭ᠎ᠠ ᠵᠠᠮ ᠢᠶᠠᠷ ᠢᠲᠡᠭᠡᠮᠵᠢᠲᠦ ᠵᠢᠭᠡᠯᠡᠯᠭᠡ ᠶᠢᠨ ᠦᠢᠯᠡᠴᠢᠯᠡᠭᠡ ᠤᠯᠬᠤ ᠬᠡᠷᠡᠭᠲᠡᠢ᠂ ᠬᠡᠷᠡᠭᠯᠡᠭᠡᠨ ᠤ ᠢᠲᠡᠭᠡᠮᠵᠢᠲᠦ ᠵᠢᠭᠡᠯᠡᠯᠭᠡ ᠶᠢ ᠬᠡᠷᠡᠭᠯᠡᠭᠡᠨ ᠤ ᠪᠤᠰᠤ ᠬᠦᠷᠢᠶ᠎ᠡ ᠴᠠᠷᠠᠭ᠎ᠠ ᠳᠤ ᠬᠡᠷᠡᠭᠯᠡᠵᠦ ᠪᠤᠯᠠᠬᠤ ᠦᠭᠡᠢ᠃ ᠭᠤᠷᠪᠠ ᠂ ᠬᠤᠪᠢ ᠬᠥᠮᠦᠨ ᠤ ᠮᠡᠳᠡᠭᠡ ᠵᠠᠩᠭᠢ ᠶᠢᠨ ᠠᠮᠤᠷ ᠲᠦᠪᠰᠢᠨ ᠢ ᠬᠠᠮᠠᠭᠠᠯᠠᠬᠤ ᠤᠬᠠᠮᠰᠠᠷ ᠵᠶᠠᠨ ᠲᠡᠭᠡᠭᠰᠢᠯᠡᠭᠦᠯᠬᠦ ᠬᠡᠷᠡᠭᠲᠡᠢ᠃
 
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号