| ᠬᠡᠷᠡᠭ ᠤᠨ ᠵᠢᠱᠢᠶ᠎ᠡ᠄ 2001 ᠤᠨ ᠤ 12 ᠰᠠᠷ᠎ᠠ ᠶᠢᠨ 28 ᠤ ᠡᠳᠤᠷ᠂ ᠮᠠᠯᠴᠢᠨ ᠳᠠᠯᠠᠢ ᠮᠢᠶᠤᠤ | ᠤᠪᠤᠭᠳᠤ ᠲᠠᠢ ︽ᠨᠤᠲᠤᠭ ᠪᠡᠯᠴᠢᠭᠡᠷ ᠢ ᠳᠠᠭᠠᠭᠠᠭᠴᠢᠯᠠᠨ ᠡᠵᠡᠩᠨᠡᠬᠦ ᠭᠡᠷ᠎ᠡ︾ ᠲᠤᠭᠲᠠᠭᠰᠠᠨ ᠪᠠᠶᠢᠨ᠎ᠠ᠃ ᠲᠠᠷᠤᠢ | ᠳᠠᠯᠠᠢ ᠦᠪᠡᠷ ᠤᠨ ᠳᠠᠭᠠᠭᠠᠴᠢᠯᠠᠨ ᠡᠵᠡᠩᠨᠡᠵᠤ ᠪᠠᠶᠢᠭ᠎ᠠ 800 ᠮᠦ ᠨᠤᠳᠤᠭ ᠪᠡᠯᠴᠢᠭᠡᠷ ᠢᠶᠠᠨ 25 ᠵᠢᠯ ᠤᠨ | ᠬᠤᠭᠤᠴᠠᠭ᠎ᠠ ᠲᠠᠢ ᠪᠠᠷ ᠮᠢᠶᠤᠤ ᠤᠪᠤᠭᠳᠤ ᠳᠤ ᠳᠠᠭᠠᠭᠠᠴᠢᠯᠠᠨ ᠦᠭᠭᠦᠭᠰᠡᠨ ᠪᠠᠶᠢᠨ᠎ᠠ᠃ 2016 ᠤᠨ ᠳᠤ ᠳᠠᠯᠠᠢ | ᠤᠯᠵᠤ ᠮᠡᠳᠡᠭᠰᠡᠨ ᠨᠢ ᠲᠡᠭᠦᠨ ᠤ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠩᠨᠡᠬᠦ ᠡᠷᠬᠡ ᠶᠢᠨ ᠳᠡᠪᠲᠡᠷ ᠳᠡᠭᠡᠷᠡᠬᠢ | ᠳᠠᠭᠠᠭᠠᠴᠢᠯᠠᠨ ᠡᠵᠡᠩᠨᠡᠭᠴᠢ ᠶᠢᠨ ᠨᠡᠷ᠎ᠡ ᠨᠢ ᠨᠢᠭᠡᠨᠳᠡ ᠮᠢᠶᠤᠤ ᠤᠪᠤᠭᠳᠤ ᠪᠤᠯᠵᠤ ᠬᠤᠪᠢᠷᠠᠭᠰᠠᠨ ᠪᠠᠶᠢᠯ᠎ᠠ᠃ ᠳᠠᠯᠠᠢ | ᠦᠪᠡᠷ ᠤᠨ ᠬᠠᠤᠯᠢ ᠶᠤᠰᠤᠨ ᠤ ᠡᠷᠬᠡ ᠠᠰᠢᠭ ᠢᠶᠠᠨ ᠬᠠᠮᠠᠭᠠᠯᠠᠬᠤ ᠶᠢᠨ ᠲᠦᠯᠦᠭᠡ ᠲᠠᠷᠤᠢ ᠲᠦᠷᠭᠡᠨ ᠤᠷᠳᠤᠰ | ᠬᠤᠲᠠ ᠶᠢᠨ ᠠᠷᠠᠳ ᠤᠨ ᠵᠠᠰᠠᠭ ᠤᠨ ᠤᠷᠳᠤᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ | ᠳᠡᠪᠰᠢᠭᠦᠯᠵᠤ ᠮᠢᠶᠤᠤ ᠤᠪᠤᠭᠲᠤ ᠶᠢᠨ ᠭᠠᠷ ᠲᠤ ᠪᠠᠶᠢᠭ᠎ᠠ ᠡᠨᠡᠬᠦ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠩᠨᠡᠬᠦ | ᠡᠷᠬᠡ ᠶᠢᠨ ᠳᠡᠪᠲᠡᠷ ᠢ ᠦᠭᠡᠶᠢᠰᠭᠡᠬᠦ ᠶᠢ ᠵᠤᠷᠢᠪᠠ᠃ | ᠭᠡᠪᠡᠴᠤ 2016 ᠤᠨ ᠤ 12 ᠰᠠᠷ᠎ᠠ ᠶᠢᠨ 21 ᠤ ᠡᠳᠤᠷ ᠤᠷᠳᠤᠰ ᠬᠤᠲᠠ ᠶᠢᠨ ᠠᠷᠠᠳ ᠤᠨ ᠵᠠᠰᠠᠭ ᠤᠨ | ᠤᠷᠳᠤᠨ ᠠᠴᠠ ᠰᠢᠢᠳᠪᠦᠷᠢ ᠪᠢᠴᠢᠭ ᠪᠠᠭᠤᠯᠭᠠᠨ ᠳᠠᠯᠠᠢ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠢ | ᠨᠢᠴᠤᠭᠠᠭᠰᠠᠨ ᠪᠠᠶᠢᠨ᠎ᠠ᠃ ᠡᠭᠦᠨ ᠠᠴᠠ ᠪᠤᠯᠵᠤ ᠳᠠᠯᠠᠢ ᠶᠢᠨ 800 ᠮᠦ ᠨᠤᠲᠤᠭ ᠪᠡᠯᠴᠢᠭᠡᠷ ᠤᠨ ᠳᠠᠭᠠᠭᠠᠴᠢᠯᠠᠨ | ᠡᠵᠡᠩᠨᠡᠬᠦ ᠡᠷᠬᠡ ᠨᠢ ᠬᠠᠤᠯᠢ ᠪᠤᠰᠤ ᠬᠠᠯᠳᠠᠯᠠᠭᠠ ᠳᠤ ᠤᠴᠠᠷᠠᠭᠰᠠᠨ ᠪᠠᠶᠢᠨ᠎ᠠ᠃ ᠲᠡᠭᠡᠪᠡᠯ ᠲᠤᠰ ᠬᠡᠷᠡᠭ ᠲᠤ ᠶᠠᠭᠤᠨ ᠤ | ᠤᠴᠢᠷ ᠠᠴᠠ ᠲᠠᠯᠠᠢ ᠶᠢᠨ ᠮᠢᠶᠤᠤ ᠤᠪᠤᠭᠳᠤ ᠳᠤ ᠲᠦᠷᠢᠶᠡᠰᠦᠯᠡᠭᠦᠯᠦᠭᠰᠡᠨ 800 ᠮᠦ ᠨᠤᠲᠤᠭ ᠪᠡᠯᠴᠢᠭᠡᠷ ᠨᠢ | ᠡᠴᠤᠰ ᠲᠡᠭᠡᠨ ᠰᠢᠯᠵᠢᠭᠦᠯᠦᠨ ᠦᠭᠭᠦᠭᠰᠡᠨ ᠦᠷ᠎ᠡ ᠳ᠋ᠦᠩ ᠭᠠᠷᠤᠭᠰᠠᠨ ᠪᠤᠢ︖ ᠬᠠᠤᠯᠢᠴᠢ ᠶᠢᠨ ᠵᠠᠳᠠᠯᠤᠯᠲᠠ᠄ | ᠶᠠᠭᠤᠨ ᠤ ᠡᠮᠤᠨ᠎ᠡ᠂ ᠳᠠᠯᠠᠢ ᠶᠢᠨ ᠨᠤᠲᠤᠭ ᠪᠡᠯᠴᠢᠭᠡᠷ ᠲᠦᠷᠢᠶᠡᠰᠦᠯᠡᠨ ᠦᠭᠬᠦ ᠭᠡᠷ᠎ᠡ ᠪᠢᠴᠢᠭ ᠤᠨ ᠰᠢᠨᠵᠢ ᠴᠢᠨᠠᠷ ᠲᠤ | ᠬᠠᠤᠯᠢ ᠶᠢᠨ ᠲᠠᠯ᠎ᠠ ᠠᠴᠠ ᠬᠢᠨᠠᠨ ᠲᠤᠭᠲᠠᠭᠠᠯᠲᠠ ᠬᠢᠬᠦ ᠬᠡᠷᠡᠭᠲᠠᠢ᠃ ᠲᠤᠰ ᠬᠡᠷᠡᠭ ᠤᠨ ᠲᠤᠬᠠᠢ ᠶᠢᠨ ᠬᠦᠮᠦᠨ | ᠳᠠᠯᠠᠢ ᠶᠢᠨ ᠤᠭ ᠰᠠᠨᠠᠭᠠᠨ ᠤ ᠢᠯᠡᠳᠬᠡᠯᠲᠡ ᠪᠤᠯ ᠲᠠᠷᠤᠢ ᠦᠪᠡᠷ ᠤᠨ ᠨᠤᠲᠤᠭ ᠪᠡᠯᠴᠢᠭᠡᠷ ᠢᠶᠠᠨ ᠮᠢᠶᠤᠤ | ᠤᠪᠤᠭᠳᠤ ᠳᠤ ᠲᠦᠷᠢᠶᠡᠰᠦᠯᠡᠨ ᠦᠭᠬᠦ ᠶᠠᠪᠤᠳᠠᠯ ᠪᠤᠯᠤᠨ᠎ᠠ᠃ ᠭᠡᠪᠡᠴᠤ ᠲᠤᠬᠠᠢ ᠶᠢᠨ ᠦᠶ᠎ᠡ ᠳᠤ ᠬᠠᠤᠯᠢ | ᠴᠠᠭᠠᠵᠠ ᠶᠢᠨ ᠤᠬᠠᠮᠰᠠᠷ ᠲᠤᠲᠠᠮᠠᠭ ᠠᠴᠠ ᠪᠤᠯᠵᠤ ᠭᠡᠷ᠎ᠡ ᠪᠢᠴᠢᠭ ᠤᠨ ᠠᠭᠤᠯᠭ᠎ᠠ ᠨᠢ ᠨᠢᠭᠡᠨᠳᠡ ᠭᠡᠷ᠎ᠡ ᠶᠢᠨ ᠬᠤᠶᠠᠷ | ᠲᠠᠯ᠎ᠠ ᠶᠢᠨ ᠲᠤᠬᠠᠢ ᠶᠢᠨ ᠬᠦᠮᠦᠨ ᠤ ᠦᠨᠡᠨ ᠰᠠᠨᠠᠭᠠᠨ ᠤ ᠢᠯᠡᠳᠬᠡᠯᠳᠡ ᠶᠢ ᠢᠯᠡᠷᠡᠭᠦᠯᠬᠦ ᠵᠤᠷᠢᠯᠲᠠ ᠳᠤ ᠬᠦᠷᠴᠤ | ᠴᠢᠳᠠᠭᠰᠠᠨ ᠦᠭᠡᠢ ᠪᠠᠶᠢᠨ᠎ᠠ᠃ ᠡᠭᠦᠨ ᠠᠴᠠ ᠪᠤᠯᠵᠤ ᠲᠤᠬᠠᠢ ᠶᠢᠨ ᠬᠦᠮᠦᠨ ᠮᠢᠶᠤᠤ ᠤᠪᠤᠭᠳᠤ ᠵᠠᠪᠰᠢᠶᠠᠨ ᠢ | ᠳᠠᠯᠢᠮᠳᠠᠭᠤᠯᠤᠨ ᠬᠠᠮᠢᠶ᠎ᠠ ᠪᠦᠬᠦᠢ ᠪᠠᠶᠢᠭᠤᠯᠤᠯᠭ᠎ᠠ ᠪᠠᠷ ᠳᠠᠮᠵᠢᠨ ᠦᠪᠡᠷ ᠤᠨ ᠬᠠᠤᠯᠢ ᠪᠤᠰᠤ ᠵᠤᠷᠢᠯᠳᠠ ᠳᠠᠭᠠᠨ | ᠬᠦᠷᠴᠤ ᠴᠢᠳᠠᠭᠰᠠᠨ ᠪᠠᠶᠢᠨ᠎ᠠ᠃ ᠡᠶᠢᠮᠤ ᠠᠴᠠ ᠲᠤᠰ ᠬᠡᠷᠡᠭ ᠤᠨ ᠭᠤᠤᠯ ᠰᠢᠯᠲᠠᠭᠠᠨ ᠪᠤᠯ ᠳᠠᠷᠤᠢ ︽ᠨᠤᠲᠤᠭ | ᠪᠡᠯᠴᠢᠭᠡᠷ ᠢ ᠳᠠᠭᠠᠭᠠᠴᠢᠯᠠᠨ ᠡᠵᠡᠩᠨᠡᠬᠦ ᠭᠡᠷ᠎ᠡ︾ ᠶᠢᠨ ᠰᠢᠨᠵᠢ ᠴᠢᠨᠠᠷ ᠨᠢ ᠴᠤᠬᠤᠮ ︽ᠨᠤᠳᠤᠭ ᠪᠡᠯᠴᠢᠭᠡᠷ | ᠲᠦᠷᠢᠶᠡᠰᠦᠯᠡᠨ ᠦᠭᠬᠦ ᠭᠡᠷ᠎ᠡ︾ ᠪᠤᠯᠤᠨ ︽ᠨᠤᠲᠤᠭ ᠪᠡᠯᠴᠢᠭᠡᠷ ᠤᠨ ᠲᠠᠭᠠᠭᠠᠴᠢᠯᠠᠨ ᠡᠵᠡᠩᠨᠡᠬᠦ ᠡᠷᠬᠡ ᠪᠠᠨ | ᠰᠢᠯᠵᠢᠭᠦᠯᠦᠨ ᠦᠭᠭᠦ ᠭᠡᠷ᠎ᠡ︾ ᠶᠢᠨ ᠠᠯᠢ ᠨᠢᠭᠡᠨ ᠳᠤᠨᠢ ᠬᠠᠷᠢᠶᠠᠯᠠᠭᠳᠠᠬᠤ ᠶᠢ ᠮᠠᠭᠠᠳᠯᠠᠨ ᠨᠤᠲᠠᠯᠠᠬᠤ ᠤᠴᠢᠷ | ᠪᠤᠯᠤᠨ᠎ᠠ᠃ | ᠮᠠᠨ ᠤ ᠤᠯᠤᠰ ᠤᠨ ︽ᠬᠦᠳᠡᠭᠡ ᠲᠤᠰᠬᠤᠨ ᠤ ᠭᠠᠵᠠᠷ ᠰᠢᠷᠤᠢ ᠶᠢᠨ ᠳᠠᠭᠠᠭᠠᠴᠢᠯᠠᠯᠲᠠ ᠶᠢᠨ ᠬᠠᠤᠯᠢ︾ ᠶᠢᠨ | 32 ᠳ᠋ᠤᠭᠠᠷ ᠵᠦᠢᠯ ᠳᠤ ᠲᠤᠭᠲᠠᠭᠠᠭᠰᠠᠨ ᠨᠢ᠄ ︽ᠡᠷᠤᠬᠡ ᠳᠤ ᠳᠠᠭᠠᠭᠠᠴᠢᠯᠠᠭᠤᠯᠬᠤ ᠪᠠᠷ ᠳᠠᠮᠵᠢᠭᠠᠳ ᠤᠯᠤᠭᠰᠠᠨ | ᠭᠠᠵᠠᠷ ᠰᠢᠷᠤᠢ ᠳᠠᠭᠠᠭᠠᠴᠢᠯᠠᠨ ᠡᠵᠡᠩᠨᠡᠬᠦ ᠡᠷᠬᠡ ᠪᠠᠨ ᠬᠠᠤᠯᠢ ᠶᠤᠰᠤᠭᠠᠷ ᠰᠢᠯᠵᠢᠭᠦᠯᠦᠨ ᠳᠠᠭᠠᠭᠠᠴᠢᠯᠠᠭᠤᠯᠬᠤ᠂ | ᠲᠦᠷᠢᠶᠡᠰᠦᠯᠡᠭᠦᠯᠬᠦ᠂ ᠬᠠᠷᠢᠯᠴᠠᠨ ᠰᠤᠯᠢᠬᠤ᠂ ᠰᠢᠯᠵᠢᠭᠦᠯᠦᠨ ᠦᠭᠬᠦ ᠪᠤᠶᠤ ᠪᠤᠰᠤᠳ ᠬᠡᠯᠪᠡᠷᠢ ᠪᠠᠷ ᠡᠷᠭᠢᠯᠳᠡ ᠳᠤ | ᠤᠷᠤᠭᠤᠯᠵᠤ ᠪᠤᠯᠤᠨ᠎ᠠ︾ ᠭᠡᠵᠤ ᠲᠤᠭᠲᠠᠭᠠᠭᠰᠠᠨ ᠪᠠᠶᠢᠳᠠᠭ᠃ ᠲᠤᠰ ᠵᠦᠢᠯ ᠳᠤ ᠲᠤᠭᠲᠠᠭᠠᠵᠤ ᠪᠠᠶᠢᠭ᠎ᠠ | ᠰᠢᠯᠵᠢᠭᠦᠯᠦᠨ ᠳᠠᠭᠠᠭᠠᠴᠢᠯᠠᠬᠤ ᠪᠤᠯ ᠳᠠᠷᠤᠢ ᠦᠪᠡᠷ ᠤᠨ ᠨᠤᠲᠤᠭ ᠪᠡᠯᠴᠢᠭᠡᠷ ᠢᠶᠠᠨ ᠲᠤᠭᠲᠠᠭᠰᠠᠨ | ᠬᠤᠭᠤᠴᠠᠭ᠎ᠠ ᠲᠠᠢ ᠪᠠᠷ ᠪᠤᠰᠤᠳ ᠬᠦᠮᠦᠨ ᠳᠤ ᠳᠠᠭᠠᠭᠠᠴᠢᠯᠠᠨ ᠡᠵᠡᠩᠨᠡᠭᠦᠯᠬᠦ ᠪᠤᠶᠤ ᠲᠦᠷᠢᠶᠡᠰᠦᠯᠡᠭᠦᠯᠦᠨᠡ᠃ ᠭᠡᠪᠡᠴᠤ | ᠳᠠᠭᠠᠭᠠᠴᠢᠯᠠᠭᠴᠢ ᠪᠤᠯᠤᠨ ᠳᠠᠭᠠᠭᠠᠴᠢᠯᠠᠭᠤᠯᠤᠭᠴᠢ ᠶᠢᠨ ᠳᠠᠭᠠᠭᠠᠴᠢᠯᠠᠯᠳᠠ ᠶᠢᠨ ᠬᠠᠷᠢᠴᠠᠭ᠎ᠠ ᠨᠢ ᠬᠤᠪᠢᠷᠠᠬᠤ ᠦᠭᠡᠢ᠃ | ᠰᠢᠯᠵᠢᠭᠦᠯᠦᠨ ᠦᠭᠬᠦ ᠪᠤᠯ ᠳᠠᠷᠤᠢ ᠦᠪᠡᠷ ᠤᠨ ᠨᠤᠲᠤᠭ ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠪᠠᠨ | ᠪᠦᠷᠢᠮᠦᠰᠦᠨ ᠪᠤᠰᠤᠳ ᠬᠦᠮᠦᠨ ᠳᠤ ᠰᠢᠯᠵᠢᠭᠦᠯᠦᠨ ᠦᠭᠭᠦᠨ᠎ᠡ᠃ ᠳᠠᠷᠤᠢ ᠲᠤᠰ ᠰᠢᠯᠵᠢᠭᠦᠯᠦᠨ ᠠᠪᠤᠭᠰᠠᠨ | ᠬᠦᠮᠦᠨ ᠨᠢ ᠳᠠᠭᠠᠭᠠᠴᠢᠯᠠᠭᠤᠯᠤᠭᠴᠢ ᠲᠠᠢ ᠰᠢᠨ᠎ᠡ ᠪᠠᠷ ᠳᠠᠭᠠᠭᠠᠴᠢᠯᠠᠯᠲᠠ ᠶᠢᠨ ᠬᠠᠷᠢᠴᠠᠭ᠎ᠠ ᠪᠠᠶᠢᠭᠤᠯᠤᠨ᠎ᠠ᠂ ᠤᠤᠯ | ᠳᠠᠭᠠᠭᠠᠴᠢᠯᠠᠭᠴᠢ ᠬᠢᠭᠡᠳ ᠳᠠᠭᠠᠭᠠᠴᠢᠯᠠᠭᠤᠯᠤᠭᠴᠢ ᠶᠢᠨ ᠲᠤᠰ ᠭᠠᠵᠠᠷ ᠰᠢᠷᠤᠢ ᠶᠢᠨ ᠲᠠᠯ᠎ᠠ ᠪᠠᠷ ᠬᠢ | ᠲᠠᠭᠠᠭᠠᠴᠢᠯᠠᠯᠳᠠ ᠶᠢᠨ ᠬᠠᠷᠢᠴᠠᠭ᠎ᠠ ᠲᠠᠷᠤᠢ ᠳᠠᠭᠤᠰᠤᠨ᠎ᠠ᠃ ᠬᠠᠤᠯᠢᠴᠢ ᠶᠢᠨ ᠰᠠᠨᠠᠭᠤᠯᠤᠮᠵᠢ᠄ ᠮᠠᠯᠴᠢᠨ | ᠲᠠᠷᠢᠶᠠᠴᠢᠳ ᠤᠨ ᠰᠤᠶᠤᠯ ᠤᠨ ᠬᠡᠮᠵᠢᠶ᠎ᠡ ᠪᠤᠯᠤᠨ ᠬᠠᠤᠯᠢ ᠴᠠᠭᠠᠵᠠ ᠶᠢᠨ ᠮᠡᠳᠡᠯᠭᠡ ᠲᠤᠲᠠᠮᠠᠭ ᠠᠴᠠ ᠪᠤᠯᠵᠤ᠂ | ᠮᠠᠯᠴᠢᠳ ᠤᠨ ᠳᠤᠮᠳᠠ ᠭᠡᠷ᠎ᠡ ᠲᠤᠭᠲᠠᠬᠤ ᠤᠭ ᠰᠠᠨᠠᠭᠠᠨ ᠤ ᠢᠯᠡᠳᠬᠡᠯᠳᠡ ᠪᠤᠯᠤᠨ ᠭᠡᠷ᠎ᠡ ᠶᠢᠨ ᠪᠢᠴᠢᠭ ᠤᠨ ᠪᠣᠳᠠᠳᠠᠢ | ᠠᠭᠤᠯᠭ᠎ᠠ ᠨᠢ ᠬᠤᠭᠤᠷᠤᠨᠳᠤ ᠪᠠᠨ ᠵᠥᠷᠢᠴᠡᠯ ᠲᠠᠢ ᠪᠤᠯᠬᠤ ᠤᠴᠢᠷ ᠵᠦᠡᠭᠳᠡᠭᠡᠨ ᠭᠠᠷᠳᠠᠭ᠃ ᠡᠶᠢᠮᠤ ᠠᠴᠠ | ᠤᠨᠴᠠᠭᠠᠶᠢᠯᠠᠨ ᠰᠠᠨᠠᠭᠤᠯᠬᠤ ᠨᠢ᠂ ᠬᠠᠤᠯᠢ ᠪᠠᠷ ᠤᠯᠤᠰ ᠢᠶᠠᠨ ᠵᠠᠰᠠᠬᠤ ᠴᠠᠭ ᠦᠶ᠎ᠡ ᠳᠤ ᠮᠠᠯᠴᠢᠳ ᠨᠤᠲᠤᠭ | ᠪᠡᠯᠴᠢᠭᠡᠷ ᠢᠶᠠᠨ ᠰᠢᠯᠵᠢᠭᠦᠯᠦᠨ ᠳᠠᠭᠠᠭᠠᠴᠢᠯᠠᠭᠤᠯᠬᠤ ᠪᠤᠶᠤ ᠰᠢᠯᠵᠢᠭᠦᠯᠦᠨ ᠦᠭᠬᠦ ᠭᠡᠷ᠎ᠡ ᠲᠤᠭᠲᠠᠬᠤ ᠦᠶ᠎ᠡ ᠳᠤ | ᠡᠷᠬᠡᠪᠰᠢ ᠭᠡᠷ᠎ᠡ ᠶᠢᠨ ᠠᠭᠤᠯᠭ᠎ᠠ ᠵᠢᠴᠢ ᠵᠤᠷᠢᠯᠲᠠ ᠪᠠᠨ ᠵᠠᠪᠠᠯ ᠵᠦᠪ ᠤᠨᠤᠪᠴᠢᠲᠠᠢ ᠵᠤᠷᠪᠤᠰᠤᠯᠠᠨ ᠪᠢᠴᠢᠵᠤ᠂ ᠨᠤᠲᠤᠭ | ᠪᠡᠯᠴᠢᠭᠡᠷ ᠤᠨ ᠳᠠᠭᠠᠭᠠᠴᠢᠯᠠᠨ ᠡᠵᠡᠩᠨᠡᠬᠦ ᠡᠷᠬᠡ ᠶᠢᠨ ᠡᠷᠭᠢᠯᠳᠡ ᠶᠢᠨ ᠠᠷᠭ᠎ᠠ ᠬᠡᠯᠪᠡᠷᠢ ᠵᠢᠴᠢ ᠬᠠᠮᠢᠶ᠎ᠠ ᠪᠦᠬᠦᠢ ᠨᠡᠷ᠎ᠡ | ᠲᠤᠮᠢᠶ᠎ᠠ ᠳᠤ ᠬᠠᠤᠯᠢ ᠴᠠᠭᠠᠵᠠ ᠶᠢᠨ ᠲᠠᠯ᠎ᠠ ᠠᠴᠠ ᠵᠦᠪ ᠤᠨᠤᠪᠴᠢᠲᠠᠢ ᠤᠶᠢᠯᠠᠭᠠᠯᠲᠠ ᠲᠠᠢ ᠪᠤᠯᠤᠭᠰᠠᠨ ᠰᠠᠭᠤᠷᠢᠨ | ᠳᠡᠭᠡᠷ᠎ᠡ ᠰᠠᠶ᠋ᠢ ᠭᠡᠷ᠎ᠡ ᠪᠢᠴᠢᠭ ᠤᠨ ᠪᠤᠳᠠᠳᠠᠢ ᠠᠭᠤᠯᠭ᠎ᠠ ᠪᠠᠨ ᠨᠠᠶᠢᠷᠠᠭᠤᠯᠤᠨ ᠪᠢᠴᠢᠨ᠎ᠡ᠃ ᠴᠢᠬᠤᠯᠠᠲᠠᠢ ᠦᠶ᠎ᠡ ᠳᠤ | ᠬᠠᠮᠢᠶ᠎ᠠ ᠪᠦᠬᠦᠢ ᠬᠠᠤᠯᠢ ᠴᠠᠭᠠᠵᠠ ᠶᠢᠨ ᠪᠠᠶᠢᠭᠤᠯᠤᠮᠵᠢ ᠵᠢᠴᠢ ᠬᠠᠤᠯᠢᠴᠢ ᠠᠴᠠ ᠵᠥᠪᠯᠡᠯᠭᠡ ᠠᠪᠬᠤ ᠨᠢ ᠳᠠᠨ ᠤ ᠡᠷᠭᠡ | ᠠᠰᠢᠭ ᠢ ᠬᠠᠮᠠᠭᠠᠯᠠᠬᠤ ᠳᠤ ᠳᠤᠰᠠᠳᠠᠢ ᠶᠤᠮ᠃ | | | | | | |