| ᠤᠨᠴᠠᠭᠠᠢ ᠬᠡᠷᠡᠯ ᠤᠨ ᠰᠢᠷ᠎ᠠ ᠦᠩᠭᠡ ᠲᠠᠢ ᠴᠠᠪᠠᠤᠯᠢᠭ ᠡᠳ᠋ ︵ᠰᠢᠷ᠎ᠠ ᠲᠤᠰᠤ ᠵᠡᠷᠭᠡ ᠲᠤᠰᠬᠠᠢ ᠬᠡᠷᠡᠭᠯᠡᠬᠦ | ᠴᠠᠪᠠᠤᠯᠢᠭ ᠡᠳ᠋︶ ᠪᠠᠷ ᠦᠢᠯᠡᠳᠦᠭᠰᠡᠨ ᠬᠦᠨᠦᠬᠡᠯᠳᠦ ᠰᠢᠪᠡᠵᠢ ᠶᠢ ᠦᠳᠦᠬᠡᠨ ᠪᠠᠷᠢᠬᠤ ᠰᠢᠷ᠎ᠠ ᠨᠢᠯᠳᠠᠭ ᠪᠠᠭᠠᠵᠢ ︵ | ᠲᠦᠬᠦᠮᠴᠢᠯᠡᠭᠡᠳ ᠰᠢᠷ᠎ᠠ ᠬᠠᠪᠳᠠᠰᠤ ᠬᠡᠳᠡᠭ︶ ᠨᠢ ᠫᠢᠽᠢᠺ ᠤᠨ ᠠᠷᠭ᠎ᠠ ᠪᠠᠷ ᠬᠦᠨᠦᠬᠡᠯᠳᠦ ᠰᠢᠪᠡᠵᠢ ᠶᠢ ᠦᠳᠦᠬᠡᠵᠦ | ᠠᠯᠠᠳᠠᠭ᠃ ᠬᠦᠯᠡᠮᠵᠢ ᠲᠤᠳᠤᠷ᠎ᠠ ᠬᠦᠨᠦᠬᠡᠯᠳᠦ ᠰᠢᠪᠡᠵᠢ ᠶᠢ ᠡᠯᠬᠦᠪᠡᠯ ᠪᠠᠭᠠᠷᠠᠩ ᠬᠤᠷᠤᠬᠠᠢ᠂ ᠠᠮᠧᠷᠢᠺᠠ ᠲᠢᠪ ᠤᠨ | ᠲᠤᠯᠪᠤᠳᠤ ᠨᠢᠭᠤᠭᠳᠠᠮᠠᠯ ᠢᠯᠠᠭ᠎ᠠ᠂ ᠴᠠᠭᠠᠨ ᠲᠡᠯᠡᠭᠴᠢ ᠵᠡᠷᠭᠡ ᠬᠦᠨᠦᠬᠡᠯᠳᠦ ᠰᠢᠪᠡᠵᠢ ᠶᠢᠨ ᠲᠦᠷᠰᠦ ᠶᠢᠨ ᠡᠬᠦᠰᠬᠦ | ᠪᠠᠶᠢᠳᠠᠯ ᠢ ᠬᠢᠨᠠᠨ ᠬᠡᠮᠵᠢᠵᠦ᠂ ᠢᠳᠡᠰᠢᠨ ᠨᠤᠭᠤᠭ᠎ᠠ ᠶᠢᠨ ᠪᠠᠭᠠᠷᠠᠩ ᠬᠤᠷᠤᠬᠠᠢ᠂ ᠲᠤᠯᠪᠤᠳᠤ ᠨᠢᠭᠤᠭᠳᠠᠮᠠᠯ ᠢᠯᠠᠭ᠎ᠠ᠂ | ᠴᠠᠭᠠᠨ ᠲᠡᠯᠡᠭᠴᠢ ᠵᠡᠷᠭᠡ ᠬᠦᠨᠦᠬᠡᠯᠳᠦ ᠰᠢᠪᠡᠵᠢ ᠶᠢ ᠪᠦᠳᠦᠮᠵᠢᠳᠡᠢ ᠰᠡᠷᠬᠡᠶᠢᠯᠡᠨ ᠵᠠᠰᠠᠵᠤ ᠴᠢᠳᠠᠬᠤ ᠮᠦᠷᠳᠡᠬᠡᠨ ᠴᠠᠭᠠᠨ | ᠲᠡᠯᠡᠭᠴᠢ ᠵᠡᠷᠭᠡ ᠬᠦᠨᠦᠬᠡᠯᠳᠦ ᠰᠢᠪᠡᠵᠢ ᠶᠢᠨ ᠸᠢᠷᠦ᠋ᠰᠳᠦ ᠡᠪᠡᠳᠴᠢᠨ ᠲᠠᠷᠭᠠᠬᠠᠬᠤ ᠶᠢ ᠰᠡᠷᠬᠡᠶᠢᠯᠡᠵᠦ ᠴᠢᠳᠠᠨ᠎ᠠ᠃ | ᠪᠠᠭᠠᠷᠠᠩ ᠬᠤᠷᠤᠬᠠᠢ ᠶᠢ ᠠᠯᠠᠬᠤ ᠳᠤ 32 — 40cm ᠦᠨᠳᠦᠷ ᠲᠤ ᠲᠤᠬᠢᠷᠠᠭᠤᠯᠵᠤ᠂ ᠰᠢᠷ᠎ᠠ | ᠰᠤᠳᠠᠯᠳᠤ ᠦᠰᠦᠷᠦᠭᠴᠢ ᠴᠤᠬᠤ ᠪᠠ ᠲᠤᠯᠪᠤᠳᠤ ᠨᠢᠭᠤᠭᠳᠠᠮᠠᠯ ᠢᠯᠠᠭ᠎ᠠ ᠶᠢ ᠠᠯᠠᠬᠤ ᠳᠤ 4 — 20cm | ᠦᠨᠳᠦᠷ ᠲᠤ ᠲᠤᠬᠢᠷᠠᠭᠤᠯᠤᠨ᠎ᠠ᠃ ᠢᠳᠡᠰᠢᠨ ᠨᠤᠭᠤᠭ᠎ᠠ ᠶᠢᠨ ᠲᠠᠷᠢᠶᠠᠨ ᠳᠠᠬᠢ ᠲᠠᠷᠤᠯᠭ᠎ᠠ ᠶᠢ ᠬᠠᠮᠠᠭᠠᠯᠠᠵᠤ᠂ ᠰᠢᠷ᠎ᠠ | ᠬᠠᠪᠳᠠᠰᠤᠨ ᠤ ᠮᠦᠯᠵᠢᠭᠳᠡᠭᠴᠢ ᠵᠦᠬᠡᠢ ᠳᠠᠬᠢ ᠨᠦᠯᠦᠬᠡ ᠶᠢ ᠪᠠᠭᠠᠰᠬᠠᠬᠤ ᠶᠢᠨ ᠲᠦᠯᠦᠬᠡ᠂ ᠰᠢᠷ᠎ᠠ ᠬᠠᠪᠳᠠᠰᠤ ᠶᠢ 12 | — 28cm ᠦᠨᠳᠦᠷ ᠲᠤ ᠲᠤᠬᠢᠷᠠᠭᠤᠯᠪᠠᠯ ᠬᠠᠮᠤᠭ ᠰᠠᠶᠢᠨ ᠪᠠᠶᠢᠳᠠᠭ᠃ ᠡᠯᠬᠦᠬᠦ ᠠᠷᠭ᠎ᠠ᠄ 1. ᠰᠦᠯᠢᠶᠤᠤ | ᠲᠡᠭᠡᠰᠦ ᠪᠤᠶᠤ ᠲᠡᠮᠦᠷ ᠤᠳᠠᠰᠤᠨ ᠤ ᠨᠢᠬᠡ ᠦᠵᠦᠬᠦᠷ ᠢ ᠲᠤᠯᠠᠭᠠᠨ ᠬᠦᠯᠡᠮᠵᠢ ᠶᠢᠨ ᠤᠷᠤᠢ ᠳᠤ ᠲᠤᠭᠳᠠᠭᠠᠵᠤ᠂ | ᠨᠦᠬᠦᠬᠡ ᠦᠵᠦᠬᠦᠷ ᠢ ᠨᠢ ᠰᠢᠪᠡᠵᠢ ᠪᠠᠷᠢᠬᠤ ᠬᠠᠪᠳᠠᠰᠤᠨ ᠤ ᠤᠷᠢᠳᠴᠢᠯᠡᠨ ᠦᠯᠡᠳᠡᠬᠡᠭᠰᠡᠨ ᠨᠦᠬᠡᠨ ᠠᠴᠠ ᠤᠶᠠᠨ᠎ᠠ᠃ | 2. ᠬᠤᠯᠤᠰᠤᠨ ᠡᠰᠢ ᠪᠤᠶᠤ ᠰᠢᠳᠠᠮ ᠢᠶᠠᠨ ᠭᠠᠵᠠᠷ ᠲᠤ ᠬᠠᠳᠬᠤᠨ ᠤᠷᠤᠭᠤᠯᠵᠤ᠂ ᠰᠢᠪᠡᠵᠢ ᠪᠠᠷᠢᠬᠤ | ᠬᠠᠪᠳᠠᠰᠤ ᠪᠠᠨ ᠬᠤᠯᠤᠰᠤᠨ ᠡᠰᠢ ᠪᠤᠶᠤ ᠰᠢᠳᠡᠮ ᠲᠡᠭᠡᠷ᠎ᠡ ᠲᠤᠭᠳᠠᠭᠠᠨ᠎ᠠ᠃ ᠰᠢᠷ᠎ᠠ ᠬᠠᠪᠳᠠᠰᠤ ᠪᠠᠷ ᠲᠠᠯᠠᠪᠴᠢᠳᠤ | ᠪᠠᠭᠠᠷᠠᠩ ᠢ ᠦᠳᠦᠬᠡᠨ ᠠᠯᠠᠬᠤ ᠳᠤ 667 ᠲᠡᠭᠰᠢ ᠲᠦᠷᠪᠡᠯᠵᠢᠨ ᠮᠧᠳ᠋ᠷ ᠪᠦᠷᠢ ᠳᠤ 30 ᠬᠡᠰᠡᠭ ᠪᠠᠶᠢᠪᠠᠯ ᠦᠳᠦᠬᠡᠨ | ᠠᠯᠠᠬᠤ ᠦᠷ᠎ᠡ ᠳ᠋ᠦᠩ ᠨᠢ ᠬᠠᠮᠤᠭ ᠬᠠᠨᠤᠮᠵᠢᠳᠠᠢ᠃ | | | | | | |