| ᠨᠠᠷᠠᠨ ᠬᠤᠸᠠᠷ ᠤᠨ ᠦᠷ᠎ᠠ ᠶᠢ ᠨᠢ ᠠᠪᠤᠭᠰᠠᠨ ᠴᠡᠴᠡᠭ ᠤᠨ ᠰᠠᠭᠤᠳᠠᠯ ᠨᠢ ᠳᠦᠢᠯ ᠤᠨ ᠰᠠᠶᠢᠨ ᠮᠠᠯ | ᠲᠠᠵᠢᠭᠡᠪᠤᠷᠢ ᠶᠢᠨ ᠲᠠᠵᠢᠭᠡᠯ ᠪᠤᠷᠳᠤᠭ᠎ᠠ ᠪᠤᠯᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠳᠤ ᠪᠦᠳᠤᠭᠦᠯᠢᠭ | ᠤᠭᠤᠷᠠᠭ ᠤᠨ ᠠᠭᠤᠯᠤᠭᠳᠠᠴᠠ 7% ~ 9%᠂ ᠪᠦᠳᠤᠭᠦᠯᠢᠭ ᠦᠭᠡᠭᠦ 6.5% ~ 10.5%᠂ ᠪᠦᠳᠤᠭᠦᠯᠢᠭ | ᠰᠢᠷᠭᠡᠭᠯᠢᠭ 17.7%᠂ ᠠᠽᠤᠲ ᠦᠭᠡᠢ ᠨᠠᠪᠴᠢᠮᠡᠭᠡᠢ ᠪᠤᠳᠠᠰ 43.9%᠂ ᠵᠢᠮᠢᠰ ᠤᠨ ᠴᠠᠪᠠᠤ 2.4% ~ | 3%᠂ ᠡᠭᠦᠨ ᠳᠤ ᠪᠦᠳᠤᠭᠦᠯᠢᠭ ᠤᠭᠤᠷᠠᠭ ᠭᠢᠭᠡᠳ ᠠᠽᠤᠲ ᠦᠭᠡᠢ ᠨᠠᠪᠴᠢᠮᠡᠭᠡᠢ ᠪᠤᠳᠠᠰ ᠤᠨ ᠠᠭᠤᠯᠤᠭᠳᠠᠴᠠ ᠨᠢ | ᠠᠮᠤ ᠪᠤᠳᠠᠭ᠎ᠠ ᠳᠠᠬᠢ ᠠᠭᠤᠯᠤᠭᠳᠠᠴᠠ ᠲᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠢᠶᠠᠷ ᠭᠢᠭᠰᠡᠨ | ᠲᠠᠯᠬ᠎ᠠ ᠪᠤᠷᠳᠤᠭ᠎ᠠ ᠶᠢᠨ ᠵᠠᠭᠤᠨ ᠺᠢᠯᠦᠭᠷᠠᠮ ᠪᠦᠷᠢ ᠶᠢᠨ ᠰᠢᠮ᠎ᠠ ᠲᠠᠵᠢᠭᠡᠯ ᠤᠨ ᠤᠢᠷᠳᠡᠭ ᠨᠢ 60 ~ 66 ᠺᠢᠯᠦᠭᠷᠠᠮ | ᠡᠷᠳᠡᠨᠢ ᠰᠢᠰᠢ ᠪᠤᠶᠤ 70 ~ 80 ᠺᠢᠯᠦᠭᠷᠠᠮ ᠠᠷᠪᠠᠢ ᠵᠡᠷᠭᠡ ᠨᠠᠷᠢᠯᠢᠬ ᠪᠤᠷᠳᠤᠭ᠎ᠠ ᠶᠢᠨ ᠰᠢᠮ᠎ᠠ ᠲᠠᠵᠢᠭᠡᠯ ᠤᠨ | ᠦᠷᠳᠡᠭ ᠲᠠᠢ ᠠᠳᠠᠯᠢᠬᠠᠨ᠃ ᠨᠠᠷᠠᠨ ᠬᠤᠸᠠᠷ ᠤᠨ ᠴᠡᠴᠡᠭ ᠤᠨ ᠰᠠᠭᠤᠳᠠᠯ ᠢ ᠪᠠᠰᠠ ᠨᠤᠭᠤᠭᠠᠨ ᠢᠶᠠᠷ ᠲᠠᠷᠤᠰᠢᠭᠤᠯᠵᠤ | ᠪᠤᠯᠤᠨ᠎ᠠ᠂ ᠨᠤᠭᠤᠭᠠᠨ ᠢᠶᠠᠷ ᠲᠠᠷᠤᠰᠢᠭᠤᠯᠤᠭᠰᠠᠨ ᠨᠠᠷᠠᠨ ᠬᠤᠸᠠᠷ ᠤᠨ ᠴᠡᠴᠡᠭ ᠤᠨ ᠰᠠᠭᠤᠳᠠᠯ ᠨᠢ ᠳᠦᠢᠯ ᠤᠨ | ᠰᠠᠶᠢᠬᠠᠨ ᠦᠨᠤᠷ ᠲᠠᠢ᠂ ᠮᠠᠯ ᠲᠠᠵᠢᠭᠡᠪᠤᠷᠢ ᠳᠤᠩ ᠢᠳᠡᠭᠦ ᠳᠤᠷᠠᠳᠠᠢ ᠪᠠᠶᠢᠳᠠᠭ᠃ ᠨᠠᠷᠠᠨ ᠬᠤᠸᠠᠷ ᠤᠨ ᠴᠡᠴᠡᠭ ᠤᠨ | ᠰᠠᠭᠤᠳᠠᠯ ᠳᠤ ᠶᠡᠭᠡ ᠭᠡᠮᠵᠢᠶᠠᠨ ᠤ ᠺᠠᠯᠼᠠᠯᠢᠬ ᠪᠤᠳᠠᠰ ᠪᠤᠯᠤᠨ ᠨᠠᠯᠢᠶᠠᠳ ᠠᠷᠪᠢᠨ ᠵᠢᠮᠢᠰ ᠤᠨ ᠰᠢᠭᠢᠷ ᠠᠭᠤᠯᠤᠭᠳᠠᠬᠤ | ᠪᠤᠯᠬᠤᠷ᠂ ᠳᠦᠯ ᠮᠠᠯ ᠪᠤᠯᠤᠨ ᠭᠡᠭᠡᠯ ᠲᠠᠢ ᠡᠬᠡ ᠮᠠᠯ ᠢ ᠲᠠᠵᠢᠭᠡᠭᠦ ᠳᠤ ᠶᠡᠭᠡ ᠳᠤᠭᠢᠷᠠᠮᠵᠢᠳᠠᠢ᠃ ᠭᠡᠷᠪᠡ ᠨᠠᠷᠠᠨ | ᠬᠤᠸᠠᠷ ᠤᠨ ᠴᠡᠴᠡᠭ ᠤᠨ ᠰᠠᠭᠤᠳᠠᠯ ᠢᠶᠠᠷ ᠭᠠᠭ᠋ᠠᠢ ᠲᠠᠵᠢᠭᠡᠪᠠᠯ ᠭᠠᠭ᠋ᠠᠢ ᠲᠠᠷᠭᠤᠯᠠᠬᠤ ᠨᠢ ᠬᠤᠷᠳᠤᠨ ᠪᠦᠭᠡᠳ | ᠪᠤᠷᠳᠤᠭᠠᠨ ᠠᠮᠤ ᠶᠢ ᠠᠷᠪᠢᠯᠠᠨ᠂ ᠭᠠᠭ᠋ᠠᠢ ᠲᠠᠵᠢᠭᠡᠭᠦ ᠦᠪᠠᠷ ᠤᠨ ᠦᠷᠳᠡᠭ ᠢ ᠪᠠᠭᠠᠰᠬᠠᠵᠤ ᠠᠰᠢᠭ ᠨᠢ ᠶᠡᠭᠡ ᠪᠠᠶᠢᠳᠠᠭ | ᠃ |