ᠵᠢᠮᠢᠰ ᠤᠨ ᠮᠣᠳᠤᠨ ᠤ ᠪᠤᠷᠳᠤᠭᠤᠷ ᠤᠨ ᠬᠤᠤᠷ ᠬᠥᠨᠥᠭᠡᠯ ᠢ ᠰᠡᠷᠭᠡᠶᠢᠯᠡᠨ ᠵᠠᠰᠠᠬᠤ ᠠᠷᠭ᠎ᠠ
ᠨᠡᠶᠢᠲᠡᠯᠡᠭᠰᠡᠨ ᠴᠠᠭ᠄
2022/7/1
      ᠣᠳᠣᠬᠠᠨ ᠳᠤ ᠲᠠᠷᠢᠶᠠᠯᠠᠩ ᠠᠵᠤ ᠠᠬᠤᠶ ᠶᠢᠨ ᠬᠥᠭᠵᠢᠯᠲᠡ ᠶᠢ ᠳᠠᠭᠠᠯᠳᠤᠨ᠂ ᠪᠤᠷᠳᠤᠭᠤᠷ ᠤᠨ ᠣᠷᠤᠭᠤᠯᠬᠤ ᠨᠢ ᠤᠯᠠᠮ ᠠᠴᠠ ᠤᠯᠠᠮ ᠲᠠᠷᠢᠮᠠᠯ ᠤᠨ ᠬᠤᠷᠢᠶᠠᠯᠲᠠ ᠶᠢ ᠪᠠᠲᠤᠯᠠᠬᠤ ᠨᠢᠭᠡᠨ ᠴᠢᠬᠤᠯᠠ ᠨᠥᠬᠦᠴᠡᠯ ᠪᠣᠯᠵᠠᠢ᠂ ᠭᠡᠪᠡᠴᠦ ᠲᠠᠷᠢᠶᠠᠴᠢᠳ ᠤᠨ ᠪᠤᠷᠳᠤᠭᠤᠷ ᠬᠡᠷᠡᠭᠯᠡᠬᠦ ᠬᠡᠮᠵᠢᠶ᠎ᠡ ᠶᠢᠨ ᠨᠡᠮᠡᠭᠳᠡᠬᠦ ᠶᠢ ᠳᠠᠭᠠᠯᠳᠤᠨ ᠪᠣᠷᠳᠤᠭᠤᠷ ᠤᠨ ᠬᠤᠤᠷ ᠬᠦᠨᠦᠭᠡᠯ ᠤᠨ ᠠᠰᠠᠭᠤᠳᠠᠯ ᠢ ᠠᠪᠴᠢᠷᠠᠭᠰᠠᠨ ᠪᠠᠶᠢᠨ᠎ᠠ᠂ ᠲᠡᠭᠡᠪᠡᠯ ᠪᠢᠳᠡ ᠵᠢᠮᠢᠰ ᠤᠨ ᠮᠣᠳᠤᠨ ᠤ ᠪᠤᠷᠳᠤᠭᠤᠷ ᠤᠨ ᠬᠤᠤᠷ ᠬᠦᠨᠦᠭᠡᠯ ᠢ ᠰᠢᠢᠳᠪᠦᠷᠢᠯᠡᠬᠦ ᠲᠤᠬᠠᠢ ᠬᠡᠳᠤᠨ ᠠᠷᠭ᠎ᠠ ᠶᠢ ᠰᠤᠷᠤᠯᠴᠠᠶ᠎ᠠ᠂ ᠳᠣᠣᠷᠠᠬᠢ ᠮᠡᠲᠦ᠄      1᠂ ᠪᠤᠷᠳᠤᠭᠤᠷ ᠤᠨ ᠲᠦᠷᠦᠯ ᠵᠦᠢᠯ ᠢ ᠵᠦᠢ ᠵᠣᠬᠢᠰᠲᠠᠶ ᠪᠠᠷ ᠰᠣᠩᠭᠤᠨ ᠬᠡᠷᠡᠭᠯᠡᠬᠦ ᠤᠯᠠᠨ ᠨᠠᠰᠤᠲᠤ ᠵᠢᠮᠢᠰ ᠤᠨ ᠮᠣᠳᠣ ᠨᠢ ᠬᠤᠯᠢᠮᠠᠭ ᠪᠣᠷᠳᠣᠭᠤᠷ᠂ ᠣᠷᠭᠠᠨᠢᠭ ᠪᠤᠷᠳᠤᠭᠤᠷ ᠬᠡᠷᠡᠭᠯᠡᠬᠦ ᠪᠠᠷ ᠭᠤᠤᠯᠯᠠᠵᠤ᠂ ᠬᠢᠮᠢ ᠶᠢᠨ ᠪᠤᠷᠳᠤᠭᠤᠷ ᠪᠠ ᠣᠷᠭᠠᠨᠢᠭ ᠪᠣᠷᠳᠣᠭᠤᠷ ᠢ ᠬᠤᠯᠢᠵᠤ ᠣᠷᠤᠭᠤᠯᠪᠠᠯ᠂ ᠪᠤᠷᠳᠤᠭᠤᠷ ᠤᠨ ᠬᠤᠣᠷ ᠬᠥᠨᠥᠭᠡᠯ ᠢ ᠪᠠᠭᠠᠰᠬᠠᠨ᠎ᠠ᠃ ᠠᠳᠠᠯᠢᠬᠠᠨ ᠪᠦᠷ ᠬᠢᠮᠢ ᠶᠢᠨ ᠪᠤᠷᠳᠤᠭᠤᠷ ᠪᠤᠯᠪᠠᠴᠦ ᠾᠯᠣᠷᠲᠤ ᠬᠢᠮᠢ ᠶᠢᠨ ᠪᠤᠷᠳᠤᠭᠤᠷ ᠨᠢ ᠪᠤᠷᠳᠣᠭᠤᠷ ᠤᠨ ᠬᠦᠨᠦᠭᠡᠯ ᠬᠠᠮᠤᠭ ᠤᠨ ᠠᠮᠠᠷᠬᠠᠨ ᠡᠭᠦᠰᠭᠡᠳᠡᠭ᠃ ᠣᠳᠤᠬᠠᠨ ᠳᠤ ᠵᠠᠬ᠎ᠠ ᠳᠡᠭᠡᠷ᠎ᠡ ᠬᠤᠳᠠᠯᠳᠤᠵᠤ ᠪᠠᠶᠢᠭ᠎ᠠ ᠪᠤᠷᠳᠤᠭᠤᠷ ᠤᠨ ᠲᠦᠷᠦᠯ ᠵᠦᠢᠯ ᠤᠯᠠᠨ᠂ ᠶᠠᠰᠤ ᠴᠢᠨᠠᠷ ᠨᠢ ᠠᠳᠠᠯᠢ ᠦᠭᠡᠢ᠂ ᠥᠷᠭᠡᠨ ᠤᠯᠠᠨ ᠲᠠᠷᠢᠶᠠᠴᠢᠳ ᠰᠣᠩᠭᠤᠵᠤ ᠬᠡᠷᠡᠭᠯᠡᠬᠦ ᠳᠡᠭᠡᠨ ᠢᠯᠡᠭᠦᠬᠡᠨ ᠠᠩᠬᠠᠷᠤᠯ ᠳᠠᠭᠠᠨ ᠠᠪᠬᠤ ᠬᠡᠷᠡᠭᠲᠡᠢ᠃      2᠂ ᠪᠤᠷᠳᠤᠭᠤᠷ ᠣᠷᠣᠭᠤᠯᠬᠤ ᠠᠷᠭ᠎ᠠ ᠪᠠᠨ ᠬᠠᠯᠠᠨ ᠰᠠᠶᠢᠵᠢᠷᠠᠭᠤᠯᠬᠤ ᠡᠪᠦᠯ ᠬᠠᠪᠤᠷ ᠤᠨ ᠤᠯᠠᠷᠢᠯ ᠳᠤ ᠮᠣᠳᠣᠨ ᠣᠷᠣᠢ ᠶᠢ ᠬᠦᠷᠢᠶᠡᠯᠡᠭᠰᠡᠨ ᠭᠠᠳᠠᠷ ᠭᠤᠤ ᠳᠠᠭᠠᠤ ᠰᠠᠭᠤᠷᠢ ᠪᠤᠷᠳᠤᠭᠤᠷ ᠣᠷᠤᠭᠤᠯᠤᠨ᠎ᠠ᠂ ᠭᠤᠤ ᠶᠢᠨ ᠭᠦᠨ᠂ ᠥᠷᠭᠡᠨ ᠨᠢ ᠪᠦᠷ 20 — 30 ᠰᠡᠨᠲ᠋ᠢᠮᠧᠳ᠋ᠷ᠂ ᠪᠣᠷᠳᠣᠭᠤᠷ ᠤᠷᠣᠭᠤᠯᠤᠭᠰᠠᠨ ᠤ ᠳᠠᠷᠠᠭ᠎ᠠ ᠰᠢᠷᠣᠶ ᠪᠠᠷ ᠳᠠᠷᠤᠵᠤ᠂ ᠰᠢᠨ᠎ᠡ ᠥᠭᠡᠬᠦᠨ ᠬᠦᠴᠢᠯ ᠤᠨ ᠪᠦᠷᠬᠦᠪᠴᠢ ᠶᠢᠨ 800 ᠳᠠᠬᠢᠨ ᠰᠢᠩᠭᠡᠨ ᠪᠡᠶᠡᠲᠦ ᠶᠢ ᠰᠦᠷᠴᠢᠵᠦ ᠰᠠᠭᠤᠷᠢ ᠪᠤᠷᠳᠤᠭᠤᠷ ᠤᠨ ᠠᠰᠢᠭᠯᠠᠮᠵᠢ ᠶᠢ ᠨᠡᠮᠡᠭᠳᠡᠭᠦᠯᠦᠨ᠎ᠡ᠃ ᠬᠢᠮᠢ ᠶᠢᠨ ᠪᠣᠷᠳᠤᠭᠤᠷ ᠢ ᠨᠡᠮᠡᠨ ᠣᠷᠣᠭᠤᠯᠬᠤ ᠳᠠᠭᠠᠨ᠂ ᠤᠰᠤᠯᠠᠬᠤ ᠠᠷᠭ᠎ᠠ ᠪᠠᠷ ᠣᠷᠤᠭᠤᠯᠤᠨ᠎ᠠ᠃ ᠡᠰᠡᠬᠦᠯ᠎ᠡ ᠪᠣᠷᠣᠭᠠᠨ ᠤ ᠲᠡᠷᠠᠭ᠎ᠠ ᠬᠥᠷᠥᠰᠥ ᠰᠢᠷᠣᠶ ᠴᠢᠭᠢᠭᠯᠢᠭ ᠦᠶ᠎ᠡ ᠳᠤ ᠨᠠᠮᠡᠨ ᠣᠷᠣᠭᠤᠯᠣᠨ᠎ᠠ᠃ ᠪᠣᠷᠳᠤᠭᠤᠷ ᠨᠡᠮᠡᠨ ᠣᠷᠣᠭᠤᠯᠬᠤ ᠳᠠᠭᠠᠨ ᠰᠢᠨ᠎ᠡ ᠥᠭᠡᠬᠦᠨ ᠬᠦᠴᠢᠯ ᠤᠨ ᠪᠦᠷᠬᠦᠪᠴᠢ ᠶᠢᠨ 800 ᠳᠠᠬᠢᠨ ᠰᠢᠩᠭᠡᠨ ᠪᠡᠶᠡᠲᠦ ᠶᠢ ᠰᠦᠷᠴᠢᠵᠦ ᠨᠡᠮᠡᠯᠲᠡ ᠪᠤᠷᠳᠤᠭᠤᠷ ᠤᠨ ᠠᠰᠢᠭᠯᠠᠮᠵᠢ ᠶᠢ ᠨᠡᠮᠡᠭᠳᠡᠭᠦᠯᠦᠨ᠎ᠡ᠃      3᠂ ᠪᠤᠷᠳᠤᠭᠤᠷ ᠬᠡᠷᠡᠭᠯᠡᠬᠦ ᠬᠡᠮᠵᠢᠶ᠎ᠡ ᠶᠢ ᠡᠵᠡᠮᠰᠢᠬᠦ ᠤᠨᠴᠠᠭᠠᠶᠢᠯᠠᠨ ᠠᠽᠣᠲ ᠤᠨ ᠪᠤᠷᠳᠤᠭᠤᠷ ᠢ ᠬᠡᠷᠡᠭᠯᠡᠬᠦ ᠳᠤ᠂ ᠡᠩ ᠤᠨ ᠰᠠᠭᠤᠷᠢ ᠪᠦᠷᠢ ᠶᠢᠨ ᠵᠢᠮᠢᠰ ᠤᠨ ᠭᠠᠷᠤᠯᠲᠠ ᠨᠢ 50 ᠺᠢᠯᠣᠭ᠍ᠷᠠᠮ ᠤᠨ ᠵᠢᠮᠢᠰ ᠤᠨ ᠮᠣᠳᠤᠨ ᠳᠤ ᠤᠳᠠᠭ᠎ᠠ ᠪᠦᠷᠢ ᠰᠠᠭᠤᠷᠢ ᠪᠦᠷᠢ ᠳᠤ ᠰᠢᠭᠡᠰᠦᠯᠢᠭ ᠡᠳ᠋ 100 ᠭᠷᠠᠮ ᠠᠴᠠ ᠬᠡᠲᠦᠷᠡᠭᠦᠯᠵᠦ ᠪᠣᠯᠬᠤ ᠦᠭᠡᠢ᠂ ᠪᠤᠰᠤᠳ ᠠᠽᠣᠲ ᠤᠨ ᠪᠤᠷᠳᠤᠭᠤᠷ ᠨᠢ 250 — 300 ᠭᠷᠠᠮ ᠠᠴᠠ ᠬᠡᠲᠦᠷᠡᠵᠦ ᠪᠣᠯᠬᠤ ᠦᠭᠡᠢ᠃ ᠨᠢᠯᠬ᠎ᠠ᠂ ᠶᠠᠳᠠᠮᠠᠭ ᠳᠣᠷᠤᠢ ᠵᠢᠮᠢᠰ ᠤᠨ ᠮᠣᠳᠤᠨ ᠳᠤ ᠪᠠᠭ᠎ᠠ ᠬᠡᠮᠵᠢᠶ᠎ᠡ ᠪᠠᠷ ᠣᠯᠠᠨ ᠤᠳᠠᠭ᠎ᠠ ᠪᠤᠷᠳᠤᠭᠤᠷ ᠨᠡᠮᠡᠨ᠎ᠡ᠃ ᠨᠢᠭᠡᠨᠲᠡ ᠪᠤᠷᠳᠤᠭᠤᠷ ᠤᠨ ᠬᠥᠨᠥᠭᠡᠯ ᠡᠭᠦᠰᠦᠭᠰᠡᠨ ᠪᠠᠶᠢᠳᠠᠯ ᠳᠤ᠂ ᠪᠤᠷᠳᠤᠭᠤᠷ ᠣᠷᠣᠭᠤᠯᠣᠭᠰᠠᠨ ᠬᠡᠰᠡᠭ ᠤᠨ ᠬᠥᠷᠥᠰᠥ ᠶᠢ ᠤᠬᠤᠵᠤ᠂ ᠴᠡᠪᠡᠷ ᠲᠤᠩᠭᠠᠯᠠᠭ ᠤᠰᠤ ᠪᠠᠷ ᠤᠬᠤᠭᠰᠠᠨ ᠨᠦᠬᠡᠨ ᠳᠠᠬᠢ ᠬᠦᠷᠦᠰᠦ ᠶᠢ ᠤᠰᠤᠯᠠᠬᠤ ᠮᠡᠲᠦ ᠪᠠᠷ᠂ ᠬᠦᠷᠦᠰᠦᠨ ᠳᠣᠲᠤᠷᠠᠬᠢ ᠪᠣᠷᠳᠣᠭᠤᠷ ᠤᠨ ᠥᠳᠬᠡᠴᠡ ᠶᠢ ᠰᠢᠩᠭᠡᠷᠡᠭᠦᠯᠬᠦ ᠶᠢᠨ ᠬᠠᠮᠲᠦ ᠨᠢᠭᠡᠨᠲᠡ ᠦᠬᠦᠭᠰᠡᠨ ᠦᠨᠳᠦᠰᠦ ᠶᠢ ᠳᠠᠰᠤᠯᠵᠦ ᠳᠠᠬᠢᠨ ᠰᠢᠨ᠎ᠡ ᠬᠦᠷᠦᠰᠦ ᠨᠡᠮᠡᠨ᠎ᠡ᠂ ᠡᠭᠦᠨ ᠤ ᠬᠠᠮᠲᠤ ᠳᠡᠭᠡᠳᠦ ᠬᠡᠰᠡᠭ ᠤᠨ ᠬᠤᠪᠠᠭ᠋ᠠᠢ ᠮᠦᠴᠢᠷ ᠢ ᠵᠠᠰᠠᠵᠦ᠂ ᠵᠠᠰᠠᠭᠰᠠᠨ ᠬᠡᠰᠡᠭ ᠲᠤᠨᠢ ᠢᠯᠵᠢᠷᠡᠬᠦ ᠶᠢ ᠰᠡᠷᠭᠡᠶᠢᠯᠡᠬᠦ ᠪᠦᠷᠬᠦᠭᠦᠯ ᠢ ᠪᠦᠷᠬᠦᠵᠦ ᠰᠢᠷᠬ᠎ᠠ ᠲᠠᠢ ᠬᠡᠰᠡᠭ ᠤᠨ ᠨᠡᠭᠡᠳᠡᠰᠦ ᠶᠢᠨ ᠡᠳᠡᠭᠡᠷᠡᠬᠦ ᠶᠢ ᠬᠠᠮᠠᠭᠠᠯᠠᠨ᠂ ᠡᠪᠡᠳᠴᠢᠨ ᠤ ᠪᠠᠺᠲ᠋ᠧᠷᠢ ᠬᠠᠯᠳᠠᠪᠤᠷᠢᠯᠠᠬᠤ ᠶᠢ ᠰᠡᠷᠭᠡᠶᠢᠯᠡᠨ᠎ᠡ᠃ ᠡᠭᠦᠨ ᠤ ᠬᠠᠮᠲᠤ ᠪᠦᠬᠦ ᠬᠦᠷᠢᠶᠡᠯᠡᠩ ᠳᠤ ᠨᠡᠶᠢᠳᠡᠮ ᠳᠤᠨᠢ ᠬᠤ᠋ ᠱᠤ᠋ ᠵᠢᠶᠠᠩ ᠵᠢᠶᠦ᠋ᠨ ᠰᠦᠷᠴᠢᠵᠦ ᠪᠠᠺᠲ᠋ᠧᠷᠢ ᠶᠢ ᠤᠰᠠᠳᠬᠠᠨ ᠠᠷᠢᠭᠤᠳᠬᠠᠵᠦ᠂ ᠡᠪᠡᠳᠴᠢᠨ ᠤ ᠪᠠᠺᠲ᠋ᠧᠷᠢ ᠶᠢ ᠪᠠᠭᠠᠰᠬᠠᠨ᠎ᠠ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ