ᠲᠠᠬᠢᠶ᠎ᠠ ᠲᠡᠵᠢᠭᠡᠪᠡᠯ ᠪᠡᠯᠴᠢᠭᠡᠷ ᠢ ᠰᠠᠶᠢᠵᠢᠷᠠᠭᠤᠯᠵᠤ ᠴᠢᠳᠠᠨ᠎ᠠ
ᠨᠡᠶᠢᠲᠡᠯᠡᠭᠰᠡᠨ ᠴᠠᠭ᠄
2022/7/1
      ᠲᠠᠴᠢᠷᠳᠡᠭ᠌ᠰᠠᠨ ᠲᠠᠯ᠎ᠠ ᠨᠤᠳᠤᠭ ᠢ ᠰᠡᠷᠭᠦᠭᠡᠬᠦ ᠨᠢ ᠤᠳᠤᠬᠠᠨ ᠤ ᠰᠤᠳᠤᠯᠭᠠᠨ ᠤ ᠴᠢᠭᠯᠡᠯ ᠤᠨ ᠨᠢᠭᠡ ᠨᠢ ᠪᠤᠯᠤᠨ᠎ᠠ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠮᠢᠳᠤ ᠪᠤᠳᠠᠰ ᠤᠨ ᠰᠤᠳᠤᠯᠭᠠᠨ ᠤ ᠲᠠᠰᠤᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ ᠤᠨ ᠠᠮᠢ ᠠᠬᠤᠢ ᠶᠢᠨ ᠰᠤᠳᠤᠯᠠᠭᠠᠨ ᠤ ᠲᠦᠪ ᠤᠨ ᠬᠢᠨ ᠲᠠᠴᠢᠷ ᠭᠠᠵᠠᠷ ᠳᠡᠭᠡᠷ᠎ᠡ ᠲᠠᠬᠢᠶ᠎ᠠ ᠲᠡᠵᠢᠭᠡᠬᠦ ᠨᠢ ᠵᠤᠬᠢᠬᠤ ᠬᠡᠮᠵᠢᠶᠡᠨ ᠳᠤ ᠲᠠᠯ᠎ᠠ ᠨᠤᠳᠤᠭ ᠤᠨ ᠲᠡᠴᠢᠷᠳᠡᠯ ᠢ ᠵᠤᠬᠢᠬᠤ ᠬᠡᠮᠵᠢᠶ᠎ᠡ ᠪᠠᠷ ᠰᠠᠶᠢᠵᠢᠷᠠᠭᠤᠯᠬᠤ ᠦᠢᠯᠡᠳᠤᠯ ᠲᠠᠢ ᠪᠠᠶᠢᠬᠤ ᠶᠢ ᠤᠯᠵᠤ ᠮᠡᠳᠡᠵᠡᠢ᠃ ᠤᠷᠳᠤ ᠬᠤᠭᠤᠴᠠᠭ᠎ᠠ ᠪᠠᠷ ᠬᠡᠲᠦᠷᠡᠳᠡᠯ᠎ᠡ ᠮᠠᠯᠵᠢᠭᠰᠠᠨ ᠪᠠ ᠠᠭᠤᠷ ᠠᠮᠢᠰᠬᠤᠯ᠂ ᠪᠠᠶᠢᠭᠠᠯᠢ ᠲᠤᠭᠤᠷᠢᠨ ᠤ ᠬᠤᠪᠢᠷᠠᠯᠳᠠ ᠵᠡᠷᠭᠡ ᠤᠯᠠᠨ ᠵᠦᠢᠯ ᠤᠨ ᠰᠢᠯᠳᠠᠭᠠᠨ ᠠᠴᠠ ᠪᠤᠯᠵᠤ ᠲᠠᠯ᠎ᠠ ᠨᠤᠳᠤᠭ ᠲᠠᠴᠢᠷᠳᠡᠵᠤ᠂ ᠮᠠᠯ ᠠᠵᠤ ᠠᠬᠤᠢ ᠪᠠ ᠠᠮᠢ ᠠᠬᠤᠢ ᠶᠢᠨ ᠲᠣᠭᠲᠠᠪᠤᠷᠢᠲᠠᠢ ᠬᠦᠭᠵᠢᠯᠳᠡ ᠶᠢ ᠶᠡᠬᠡᠪᠡᠷ ᠨᠦᠯᠦᠭᠡᠯᠡᠵᠡᠢ᠃ ᠳᠤᠮᠳᠠᠳᠤ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠶᠢᠨ ᠠᠮᠢᠳᠤ ᠪᠤᠳᠠᠰ ᠤᠨ ᠰᠤᠳᠤᠯᠭᠠᠨ ᠤ ᠲᠠᠰᠤᠭ ᠤᠨ ᠬᠤᠯᠠᠨ ᠰᠢᠷᠭ᠎ᠠ ᠲᠠᠭ᠎ᠠ ᠶᠢᠨ ᠡᠯᠡᠰᠦᠨ ᠭᠠᠵᠠᠷ ᠤᠨ ᠠᠮᠢ ᠠᠬᠤᠢ ᠶᠢᠨ ᠰᠤᠳᠤᠯᠠᠭᠠᠨ ᠤ ᠲᠦᠪ ᠪᠠᠶᠢᠭᠤᠯᠤᠭᠳᠠᠭᠰᠠᠨ ᠠᠴᠠ ᠨᠠᠭᠠᠰᠢ᠂ ᠬᠡᠳᠤᠨ ᠵᠢᠯ ᠤᠨ ᠴᠢᠷᠮᠠᠶᠢᠯᠭ᠎ᠠ ᠪᠠᠷ ᠲᠠᠮᠵᠢᠵᠤ ᠲᠠᠴᠢᠷ ᠲᠠᠯ᠎ᠠ ᠳᠤ ᠵᠤᠬᠢᠬᠤ ᠬᠡᠮᠵᠢᠶᠡᠨ ᠤ ᠲᠠᠬᠢᠶ᠎ᠠ ᠲᠡᠵᠢᠬᠡᠬᠦ ᠨᠢ ᠲᠠᠯ᠎ᠠ ᠨᠤᠳᠤᠭ ᠤᠨ ᠤᠷᠭᠤᠮᠠᠯ ᠬᠤᠴᠢᠯᠭ᠎ᠠ ᠶᠢ ᠰᠠᠶᠢᠵᠢᠷᠠᠭᠤᠯᠬᠤ ᠪᠠ ᠬᠦᠷᠤᠰᠤᠨ ᠤ ᠴᠢᠨᠠᠷ ᠢ ᠰᠠᠶᠢᠵᠢᠷᠠᠭᠤᠯᠬᠤ ᠳᠤ ᠠᠰᠢᠭᠳᠠᠢ ᠪᠠᠶᠢᠬᠤ ᠶᠢ ᠮᠡᠳᠡᠵᠡᠢ᠃ 2009 ᠤᠨ ᠠᠴᠠ ᠡᠬᠢᠯᠡᠨ ᠨᠢᠭᠡ ᠬᠡᠰᠡᠭ ᠲᠠᠴᠢᠷ ᠭᠠᠵᠠᠷ ᠲᠤ ᠲᠠᠬᠢᠶ᠎ᠠ ᠲᠡᠵᠢᠭᠡᠭᠡᠳ ᠨᠤᠭᠤᠭᠠᠨ ᠪᠦᠷᠢᠳᠤ ᠪᠤᠯᠭᠠᠭᠰᠠᠨ ᠪᠠᠶᠢᠨ᠎ᠠ ᠭᠡᠵᠦ ᠮᠠᠯᠴᠢᠨ ᠨᠠᠰᠤᠨ᠋ᠤ᠋ᠷᠲᠤ ᠡᠨᠡ ᠲᠤᠬᠠᠢ ᠶᠠᠷᠢᠵᠤ ᠪᠠᠶᠢᠯ᠎ᠠ᠃ ᠲᠠᠯ᠎ᠠ ᠨᠤᠳᠤᠭ ᠲᠤ ᠲᠠᠬᠢᠶ᠎ᠠ ᠲᠡᠵᠢᠭᠡᠬᠦ ᠳᠤ ᠡᠪᠡᠰᠤᠨ ᠤ ᠦᠷ᠎ᠠ ᠪᠠ ᠬᠤᠷᠤᠬᠠᠢ ᠨᠢ ᠲᠡᠬᠢᠶᠠᠨ ᠤ ᠬᠠᠮᠤᠭ ᠰᠠᠶᠢᠨ ᠲᠡᠵᠢᠭᠡᠯ ᠪᠤᠯᠵᠤ᠂ ᠲᠠᠬᠢᠶᠠᠨ ᠪᠠᠭᠠᠰᠤ ᠨᠢ ᠡᠪᠡᠰᠤᠨ ᠤ ᠬᠠᠮᠤᠭ ᠰᠠᠶᠢᠨ ᠪᠤᠷᠳᠤᠭᠤᠷ ᠪᠣᠯᠳᠠᠭ᠃ ᠡᠶᠢᠮᠦᠷᠬᠦᠦ ᠤᠷᠴᠢᠯ ᠤᠨ ᠴᠢᠨᠠᠷ ᠲᠠᠢ ᠬᠦᠭᠵᠢᠯᠳᠡ ᠨᠢ ᠪᠡᠯᠡ ᠤᠷᠤᠭᠤᠯᠤᠯᠳᠠ ᠶᠢ ᠪᠠᠭᠠᠰᠠᠬᠭ᠍ᠰᠠᠨ ᠪᠦᠭᠡᠳ ᠠᠮᠢ ᠠᠬᠤᠢ ᠶᠢᠨ ᠬᠦᠭᠵᠢᠯᠳᠡ ᠳᠤ ᠠᠰᠢᠭᠳᠠᠢ ᠨᠦᠬᠦᠴᠡᠯ ᠢ ᠬᠠᠩᠭᠠᠵᠠᠢ᠃ ᠰᠤᠳᠤᠯᠭᠠᠲᠠᠳ ᠤᠨ ᠬᠡᠯᠡᠬᠦ ᠳᠡᠭᠡᠨ᠂ ᠤᠤᠯ ᠳᠠᠭᠠᠨ ᠮᠤ᠋ ᠪᠦᠷᠢ ᠶᠢᠨ ᠤᠨᠠᠯᠲᠠ ᠨᠢ 50 ᠭᠷᠡᠮ ᠴᠦ ᠬᠦᠷᠬᠦ ᠦᠭᠡᠢ ᠡᠨᠡ ᠭᠠᠵᠠᠷ ᠲᠠᠬᠢᠶ᠎ᠠ ᠲᠡᠵᠢᠭᠡᠭᠰᠡᠨ ᠤ ᠳᠠᠷᠠᠭ᠎ᠠ ᠤᠷᠭᠤᠮᠠᠯ ᠬᠤᠴᠢᠯᠭ᠎ᠠ ᠨᠢ ᠢᠯᠡᠷᠬᠡᠢ ᠰᠠᠶᠢᠵᠢᠷᠠᠭᠰᠠᠨ ᠪᠥᠭᠡᠳ᠂ ᠮᠤ᠋ ᠪᠦᠷᠢ ᠶᠢᠨ ᠤᠨᠠᠯᠳᠠ ᠨᠢ 800 ᠭᠠᠷᠤᠢ ᠵᠢᠩ ᠳᠤ ᠬᠦᠷᠴᠤ᠂ ᠵᠠᠷᠢᠮ ᠤᠷᠭᠤᠮᠠᠯ ᠨᠢ 1 ᠮᠧᠳ᠋ᠷ ᠭᠠᠷᠤᠢ ᠥᠨᠳᠥᠷ ᠤᠷᠭᠤᠭᠰᠠᠨ ᠪᠠᠶᠢᠯ᠎ᠠ ᠭᠡᠵᠡᠢ᠃
ᠢᠷᠡᠯᠲᠡ᠄ ᠲᠠᠯᠠᠳ ᠬᠤᠰᠢᠭᠤᠨ ᠤ ᠠᠷᠠᠳ ᠤᠨ ᠵᠠᠰᠠᠭ ᠤᠨ ᠤᠷᠳᠤᠨ