ᠤᠯᠠᠭᠠᠨᠮᠦ᠋ᠷᠡᠨ ᠪᠠᠯᠭᠠᠰᠤᠨ ᠤ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠬᠦᠯᠦᠯᠳᠡ ᠶᠢᠨ ᠲᠣᠪᠴᠢᠶ᠎ᠠ ᠬᠠᠤᠯᠢ ᠪᠤᠰᠤ ᠨᠡᠭᠦᠷᠡᠰᠦᠨ ᠲᠠᠯᠠᠪᠠᠶ᠂ ᠳᠤᠷ᠎ᠠ ᠪᠠᠷ ᠢᠶᠠᠨ ᠴᠢᠯᠠᠭᠤ ᠮᠠᠯᠲᠠᠬᠤ ᠮᠠᠲ᠋ᠧᠷᠢᠶᠠᠯ ᠤᠨ ᠲᠤᠰᠬᠠᠶ ᠴᠡᠭᠴᠡᠯᠡᠨ ᠵᠠᠰᠠᠯᠲᠠ ᠶᠢ ᠥᠷᠨᠢᠭᠦᠯᠪᠡ
ᠨᠡᠶᠢᠲᠡᠯᠡᠭᠰᠡᠨ ᠴᠠᠭ᠄
2022/7/22
     ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠨᠡᠭᠦᠷᠡᠰᠦᠨ ᠲᠠᠯᠠᠪᠠᠶ᠂ ᠨᠡᠭᠦᠷᠡᠰᠦᠨ ᠴᠢᠯᠠᠭᠤ᠂ ᠴᠢᠯᠠᠭᠤᠨ ᠮᠠᠲ᠋ᠧᠷᠢᠶᠠᠯ ᠤᠨ ᠦᠢᠯᠡᠳᠪᠦᠷᠢ ᠶᠢᠨ ᠪᠣᠬᠢᠷᠲᠤᠯ ᠤᠨ ᠠᠰᠠᠭᠤᠳᠠᠯ ᠤᠨ ᠲᠤᠬᠠᠶ ᠬᠠᠷᠢᠭᠤ ᠲᠤᠰᠬᠠᠭᠰᠠᠨ ᠰᠠᠨᠠᠯ ᠢ ᠨᠠᠷᠢᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠣᠶᠢᠷ᠎ᠠ ᠳᠤ ᠤᠯᠠᠭᠠᠨᠮᠥ᠋ᠷᠡᠨ ᠪᠠᠯᠭᠠᠰᠤ ᠣᠷᠴᠢᠨ ᠲᠣᠭᠤᠷᠢᠨ ᠤ ᠲᠣᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠᠷ ᠤᠳᠤᠷᠢᠳᠤᠮᠵᠢ ᠪᠣᠯᠭᠠᠵᠤ᠂ ᠨᠡᠭᠦᠷᠡᠰᠦᠨ ᠲᠠᠯᠠᠪᠠᠶ᠂ ᠨᠡᠭᠦᠷᠡᠰᠦᠨ ᠴᠢᠯᠠᠭᠤ᠂ ᠳᠤᠷ᠎ᠠ ᠪᠠᠷ ᠢᠶᠠᠨ ᠴᠢᠯᠠᠭᠤ ᠮᠠᠯᠲᠠᠬᠤ ᠦᠢᠯᠡᠳᠪᠦᠷᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠥᠷᠨᠢᠭᠦᠯᠵᠦ᠂ ᠪᠠᠯᠭᠠᠰᠤᠨ ᠤ ᠨᠡᠭᠦᠷᠡᠰᠦᠨ ᠲᠠᠯᠠᠪᠠᠶ᠂ ᠨᠡᠭᠦᠷᠡᠰᠦᠨ ᠴᠢᠯᠠᠭᠤᠨ ᠤ ᠪᠣᠬᠢᠷᠲᠤᠯ ᠤᠨ ᠠᠰᠠᠭᠤᠳᠠᠯ ᠢ ᠲᠦᠢᠯᠪᠤᠷᠢᠲᠠᠶ ᠰᠢᠢᠳᠪᠦᠷᠢᠯᠡᠪᠡ᠃      ᠨᠢᠭᠡ ᠳᠤ ᠪᠣᠬᠢᠷᠲᠤᠯ ᠤᠨ ᠦᠢᠯᠡ ᠠᠵᠢᠯᠯᠠᠭ᠎ᠠ ᠨᠢ ᠬᠦᠨᠳᠦ ᠨᠣᠴᠢᠲᠠᠶ᠂ ᠬᠠᠮᠢᠶ᠎ᠠ ᠪᠥᠬᠦᠶ ᠬᠢᠨᠠᠨ ᠵᠥᠪᠰᠢᠶᠡᠷᠡᠬᠦ ᠬᠦᠢᠴᠡᠳᠬᠡᠯ ᠪᠠᠶᠢᠬᠤ ᠦᠬᠡᠢ ᠠᠵᠤ ᠠᠬᠤᠶᠢᠯᠠᠯ ᠢ ᠬᠠᠤᠯᠢ ᠲᠣᠭᠲᠠᠭᠠᠯ ᠶᠣᠰᠣᠭᠠᠷ ᠬᠠᠭᠠᠵᠤ ᠵᠣᠭᠰᠣᠭᠠᠵᠤ ᠬᠦᠴᠦᠨ ᠥᠬᠡᠶ ᠪᠣᠯᠭᠠᠨ᠎ᠠ᠃      ᠬᠤᠶᠠᠷ ᠲᠤ ᠨᠡᠭᠦᠷᠡᠰᠦ᠂ ᠨᠡᠭᠦᠷᠡᠰᠦᠨ ᠴᠢᠯᠠᠭᠤ ᠶᠢ ᠵᠠᠳᠠᠭᠠᠢ ᠣᠪᠣᠭᠠᠯᠠᠵᠤ ᠬᠠᠳᠠᠭᠠᠯᠠᠬᠤ᠂ ᠡᠷᠬᠢᠨ ᠲᠣᠭᠤᠷᠢᠨ ᠤ ᠣᠷᠴᠢᠨ ᠠᠬᠤᠢ ᠶᠢ ᠡᠪᠳᠡᠬᠦ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠪᠣᠯᠬᠤ ᠮᠥᠷᠲᠡᠭᠡᠨ ᠬᠤᠯᠪᠣᠭ᠎ᠠ ᠠᠪᠴᠤ ᠴᠢᠳᠠᠬᠤ ᠦᠭᠡᠢ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠲᠦᠷᠦᠯ ᠤᠨ ᠡᠷᠦᠭᠡ ᠪᠠᠶᠢᠬᠤ ᠮᠥᠷᠲᠡᠭᠡᠨ ᠣᠷᠴᠢᠨ ᠠᠬᠤᠢ ᠶᠢᠨ ᠪᠣᠬᠢᠷᠲᠤᠯ ᠤᠨ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠣᠷᠣᠰᠢᠵᠤ ᠪᠠᠶᠢᠪᠠᠯ᠂ ᠬᠠᠤᠯᠢ ᠶᠣᠰᠣᠭᠠᠷ ᠴᠠᠭᠠᠵᠠᠯᠠᠨ᠎ᠠ᠃      ᠭᠤᠷᠪᠠ ᠳᠤ ᠣᠷᠣᠨ ᠪᠦᠰᠡ ᠬᠤᠪᠢᠶᠠᠨ ᠬᠠᠤᠯᠢ ᠬᠡᠷᠡᠭᠵᠢᠭᠦᠯᠵᠦ ᠬᠠᠮᠲᠤᠷᠠᠨ ᠬᠡᠷᠡᠭ ᠰᠢᠢᠳᠪᠦᠷᠢᠯᠡᠵᠦ᠂ ᠦᠷᠭᠦᠯᠵᠢᠯᠡᠨ᠂ ᠪᠦᠬᠦ ᠲᠠᠯ᠎ᠠ ᠪᠠᠷ᠂ ᠥᠨᠳᠥᠷ ᠳᠠᠪᠲᠠᠮᠵᠢ ᠪᠠᠷ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠤᠨ᠎ᠠ᠃ ᠬᠠᠮᠲᠤᠷᠠᠨ ᠬᠠᠤᠯᠢ ᠬᠡᠷᠡᠭᠵᠢᠭᠦᠯᠵᠦ ᠲᠣᠭᠤᠷᠢᠨ ᠪᠠᠶᠢᠴᠠᠭᠠᠬᠤ ᠪᠠᠷ ᠳᠠᠮᠵᠢᠭᠤᠯᠤᠨ᠂ ᠬᠠᠶᠢᠷ ᠤᠨ ᠠᠭᠤᠷᠬᠠᠶ ᠶᠢᠨ ᠡᠬᠢ ᠰᠤᠷᠪᠤᠯᠵᠢ ᠶᠢ ᠬᠤᠯᠠᠭᠠᠶᠢᠯᠠᠨ ᠮᠠᠯᠲᠠᠬᠤ ᠶᠢ ᠴᠢᠩᠭ᠎ᠠ ᠡᠵᠡᠮᠳᠡᠵᠦ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠬᠠᠤᠯᠢ ᠪᠤᠰᠤ ᠪᠠᠷ ᠡᠳ᠋ᠰᠢᠭᠦᠯᠬᠦ ᠶᠢ ᠴᠢᠩᠭ᠎ᠠ ᠪᠠᠶᠢᠴᠠᠭᠠᠵᠤ᠂ ᠡᠯᠡᠰᠦ ᠳᠤ ᠬᠤᠯᠪᠣᠭᠳᠠᠭᠰᠠᠨ ᠠᠭᠤᠷᠬᠠᠶ ᠳᠤ ᠬᠤᠯᠪᠣᠭᠳᠠᠭᠰᠠᠨ ᠬᠠᠤᠯᠢ ᠠᠴᠠ ᠵᠥᠷᠢᠴᠡᠭᠰᠡᠨ ᠦᠵᠡᠭᠳᠡᠯ ᠢ ᠦᠨᠳᠦᠰᠦᠨ ᠠᠴᠠ ᠨᠢ ᠬᠤᠷᠢᠭᠯᠠᠨ᠎ᠠ᠃      ᠵᠠᠯᠭᠠᠭᠠᠳ᠂ ᠤᠯᠠᠭᠠᠨᠮᠦ᠋ᠷᠡᠨ ᠪᠠᠯᠭᠠᠰᠤ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠦ᠂ ᠬᠤᠯᠠᠭᠠᠶᠢᠯᠠᠨ ᠮᠠᠯᠲᠠᠬᠤ ᠦᠢᠯᠡ ᠠᠵᠢᠯᠯᠠᠭ᠎ᠠ ᠶᠢ ᠡᠷᠡᠰ ᠬᠤᠷᠢᠭᠯᠠᠵᠤ᠂ ᠳᠤᠷ᠎ᠠ ᠪᠠᠷ ᠢᠶᠠᠨ ᠮᠠᠯᠲᠠᠬᠤ ᠶᠢ ᠲᠥᠪᠯᠡᠷᠡᠭᠦᠯᠦᠨ ᠵᠢᠭᠰᠠᠭᠠᠨ ᠪᠠᠶᠢᠴᠠᠭᠠᠵᠤ᠂ ᠨᠡᠭᠦᠷᠡᠰᠦᠨ ᠴᠢᠯᠠᠭᠤ ᠶᠢ ᠶᠡᠷᠦᠩᠬᠡᠶᠢᠯᠡᠨ ᠠᠰᠢᠭᠯᠠᠬᠤ ᠬᠢᠨᠠᠯᠲᠠ ᠬᠠᠮᠢᠶᠠᠷᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠡᠮᠬᠢ ᠳᠢᠭᠯᠢᠮ ᠢ ᠪᠥᠬᠦ ᠲᠠᠯ᠎ᠠ ᠪᠠᠷ ᠵᠢᠷᠤᠮᠵᠢᠭᠤᠯᠵᠤ᠂ ᠡᠪᠳᠡᠭᠳᠡᠭᠰᠡᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ ᠢ ᠰᠢᠨᠵᠢᠯᠡᠬᠦ ᠤᠬᠠᠭᠠᠨᠴᠢ ᠡᠮᠬᠢ ᠵᠢᠷᠤᠮ ᠲᠠᠢ ᠵᠠᠰᠠᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠ ᠠᠮᠢ ᠠᠬᠤᠶ ᠶᠢ ᠵᠠᠰᠠᠨ ᠰᠡᠷᠭᠦᠭᠡᠬᠦ ᠶᠢ ᠠᠬᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号