ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠨᠢ ᠪᠠᠯᠭᠠᠰᠤ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠲᠡᠭᠦᠰ ᠠᠮᠵᠢᠯᠲᠠ ᠲᠠᠢ ᠪᠡᠶᠡᠯᠡᠭᠦᠯᠪᠡ
ᠨᠡᠶᠢᠲᠡᠯᠡᠭᠰᠡᠨ ᠴᠠᠭ᠄
2022/7/22
    ᠬᠢᠵᠠᠭᠠᠷᠯᠠᠬᠤ ᠴᠢᠨᠠᠷᠲᠠᠢ ᠨᠠᠷᠢᠨ ᠲᠥᠯᠥᠪᠵᠢᠭᠦᠯᠭᠡ ᠪᠣᠯ ᠬᠤᠲᠠ ᠶᠢᠨ ᠲᠥᠯᠥᠪᠵᠢᠭᠦᠯᠭᠡ ᠶᠢᠨ ᠴᠢᠬᠤᠯᠠ ᠱᠠᠲᠤ ᠦᠶ᠎ᠡ ᠮᠥᠨ᠃ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠪᠣᠯ ᠬᠤᠲᠠ ᠶᠢᠨ ᠶᠡᠷᠦᠩᠬᠡᠶ ᠲᠥᠯᠥᠪᠵᠢᠭᠦᠯᠭᠡ ᠶᠢᠨ ᠭᠦᠨᠵᠡᠭᠡᠶᠢᠷᠡᠯ ᠮᠥᠨ᠃ ᠪᠦᠲᠦᠭᠡᠨ ᠪᠠᠶᠢᠭᠤᠯᠤᠯᠲᠠ ᠶᠢᠨ ᠬᠡᠷᠡᠭᠯᠡᠬᠡᠨ ᠤ ᠭᠠᠵᠠᠷ ᠤᠨ ᠰᠢᠨᠵᠢ ᠴᠢᠨᠠᠷ᠂ ᠬᠡᠷᠡᠭᠯᠡᠬᠦ ᠬᠦᠴᠦᠯᠡᠴᠡ ᠪᠣᠯᠤᠨ ᠣᠷᠣᠨ ᠵᠠᠶ ᠶᠢᠨ ᠣᠷᠴᠢᠨ ᠲᠣᠭᠤᠷᠢᠨ ᠢ ᠬᠤᠲᠠ ᠶᠢᠨ ᠲᠥᠯᠥᠪᠵᠢᠭᠦᠯᠭᠡ ᠶᠢᠨ ᠬᠠᠮᠢᠶᠠᠷᠤᠯᠲᠠ ᠪᠣᠯᠤᠨ ᠶᠡᠷᠦᠩᠬᠡᠶᠢᠯᠡᠨ ᠨᠡᠭᠡᠭᠡᠨ ᠠᠰᠢᠭᠯᠠᠬᠤ᠂ ᠭᠠᠵᠠᠷ ᠰᠢᠷᠣᠶ ᠶᠢ ᠲᠥᠯᠥᠪᠦᠷᠢ ᠲᠠᠢ ᠬᠡᠷᠡᠭᠯᠡᠬᠦ ᠦᠨᠳᠦᠰᠦᠯᠡᠯ ᠪᠣᠯᠭᠠᠬᠤ ᠶᠢᠨ ᠬᠠᠮᠲᠤ ᠪᠠᠶᠢᠭᠤᠯᠬᠤ ᠴᠢᠨᠠᠷᠲᠠᠶ ᠨᠠᠷᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠶᠢ ᠵᠢᠯᠣᠭᠤᠳᠬᠤ ᠬᠡᠷᠡᠭᠲᠡᠶ᠃     ᠡᠨᠡ ᠤᠳᠠᠭᠠᠨ ᠤ ᠡᠵᠡᠮᠰᠢᠯ ᠤᠨ ᠴᠢᠨᠠᠷᠲᠠᠶ ᠨᠠᠷᠢᠨ ᠨᠢᠭᠲᠠ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠤᠭᠰᠠᠨ ᠨᠢ ᠶᠡᠷᠦᠩᠬᠡᠶ ᠲᠥᠯᠥᠪᠵᠢᠭᠦᠯᠭᠡ ᠶᠢᠨ ᠬᠡᠰᠡᠭ ᠲᠠᠯ᠎ᠠ ᠶᠢᠨ ᠬᠡᠷᠡᠭᠯᠡᠬᠦ ᠭᠠᠵᠠᠷ ᠲᠤ ᠵᠠᠰᠠᠪᠤᠷᠢ ᠣᠷᠣᠭᠤᠯᠤᠭᠰᠠᠨ ᠰᠠᠭᠤᠷᠢᠨ ᠳᠡᠭᠡᠷ᠎ᠡ᠂ ᠣᠳᠣᠬᠢ ᠪᠠᠶᠢᠳᠠᠯ ᠤᠨ ᠪᠥᠲᠥᠭᠡᠨ ᠪᠠᠶᠢᠭᠤᠯᠤᠯᠲᠠ᠂ ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ᠂ ᠨᠢᠭᠡᠨᠲᠡ ᠵᠥᠪᠰᠢᠶᠡᠷᠡᠭᠰᠡᠨ ᠪᠥᠲᠥᠭᠡᠨ ᠪᠠᠶᠢᠭᠤᠯᠤᠯᠲᠠ ᠶᠢᠨ ᠬᠦᠢᠴᠡᠳᠬᠡᠯ ᠲᠤᠭ᠎ᠠ ᠵᠡᠷᠭᠡ ᠶᠢ ᠭᠤᠤᠯᠳᠠᠯᠭ᠎ᠠ ᠲᠠᠢ ᠵᠣᠯᠭᠠᠭᠤᠯᠵᠤ᠂ ᠬᠡᠷᠡᠭᠯᠡᠬᠦ ᠭᠠᠵᠠᠷ ᠤᠨ ᠵᠠᠭᠠᠭ ᠢ ᠰᠢᠯᠢᠳᠡᠭᠵᠢᠭᠦᠯᠦᠨ᠎ᠡ᠃ ᠪᠠᠯᠭᠠᠰᠤᠨ ᠤ ᠲᠣᠭᠤᠷᠢᠭ ᠤᠨ ᠬᠠᠳᠠᠭᠠᠯᠠᠭᠳᠠᠵᠤ ᠪᠠᠶᠢᠭ᠎ᠠ ᠣᠷᠣᠨ ᠰᠠᠭᠤᠴᠠ ᠶᠢᠨ ᠭᠠᠵᠠᠷ ᠤᠨ ᠲᠥᠯᠥᠪᠵᠢᠭᠦᠯᠭᠡ ᠬᠢᠭᠡᠳ ᠭᠠᠵᠠᠷ ᠰᠢᠷᠣᠶ ᠶᠢᠨ ᠦᠨᠡᠮᠯᠡᠯ ᠤᠨ ᠲᠥᠯᠥᠪᠵᠢᠭᠦᠯᠭᠡ ᠶᠢᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠲᠠᠢ ᠨᠢᠬᠡᠳᠦᠯᠳᠠᠢ ᠪᠠᠶᠢᠬᠤ ᠶᠢ ᠪᠡᠶᠡᠯᠡᠭᠦᠯᠵᠦ᠂ ᠬᠠᠳᠠᠭᠠᠯᠠᠭᠳᠠᠵᠤ ᠪᠠᠶᠢᠭ᠎ᠠ ᠣᠷᠣᠨ ᠰᠠᠭᠤᠴᠠ ᠶᠢᠨ ᠬᠡᠷ ᠬᠥᠷᠥᠩᠭᠡ ᠶᠢᠨ ᠦᠨᠡᠮᠯᠡᠯ ᠬᠦᠢᠴᠡᠳᠬᠡᠬᠦ ᠶᠢ ᠳᠥᠯᠭᠢᠨ ᠠᠬᠢᠭᠤᠯᠵᠤ᠂ ᠪᠠᠯᠭᠠᠰᠤᠨ ᠤ ᠠᠮᠢ ᠠᠬᠤᠶ ᠶᠢᠨ ᠨᠡᠭᠦᠳᠡᠯ ᠠᠷᠠᠳ᠂ ᠠᠶᠤᠯᠲᠠᠶ ᠥᠭᠡᠷᠡᠴᠢᠯᠡᠯᠲᠡ ᠶᠢ ᠪᠡᠶᠡᠯᠡᠭᠦᠯᠦᠭᠰᠡᠨ ᠨᠡᠭᠦᠳᠡᠯ ᠠᠷᠠᠳ ᠤᠨ ᠪᠠᠯᠭᠠᠰᠤ ᠶᠢᠨ ᠲᠣᠭᠤᠷᠢᠭ ᠲᠤ ᠡᠷᠦᠬᠡ ᠠᠮᠠ ᠣᠷᠣᠭᠤᠯᠬᠤ᠂ ᠪᠠᠯᠭᠠᠰᠤᠨ ᠤ ᠲᠣᠭᠤᠷᠢᠭ ᠤᠨ ᠬᠥᠮᠦᠨ ᠠᠮᠠ ᠶᠢᠨ ᠵᠢᠯ ᠳᠠᠷᠠᠭᠠᠯᠠᠨ ᠭᠠᠳᠠᠭᠰᠢ ᠭᠠᠷᠬᠤ᠂ ᠠᠮᠢᠵᠢᠷᠠᠯ ᠤᠨ ᠬᠦᠴᠦᠨ ᠪᠠᠭᠤᠷᠠᠬᠤ ᠪᠠᠶᠢᠳᠠᠯ ᠢ ᠬᠤᠪᠢᠷᠠᠭᠤᠯᠬᠤ ᠳᠤ ᠠᠰᠢᠭᠲᠠᠶ ᠶᠤᠮ᠃        ᠮᠠᠨ ᠤ ᠪᠠᠯᠭᠠᠰᠤ 2020 ᠣᠨ ᠤ 8 ᠰᠠᠷ᠎ᠠ ᠠᠴᠠ ᠡᠬᠢᠯᠡᠨ ᠡᠵᠡᠮᠳᠡᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠡᠬᠢᠯᠡᠭᠦᠯᠪᠡ᠃ ᠡᠮᠦᠨᠡᠬᠢ ᠬᠤᠭᠤᠴᠠᠭᠠᠨ ᠤ ᠪᠡᠯᠡᠳᠬᠡᠯ᠂ ᠣᠳᠣᠬᠢ ᠪᠠᠶᠢᠳᠠᠯ ᠤᠨ ᠪᠠᠶᠢᠴᠠᠭᠠᠯᠲᠠ᠂ ᠲᠥᠰᠦᠯ ᠢ ᠨᠠᠶᠢᠷᠠᠭᠤᠯᠤᠨ ᠵᠣᠬᠢᠶᠠᠬᠤ᠂ ᠦᠷ᠎ᠡ ᠪᠦᠲᠦᠭᠡᠯ ᠢ ᠮᠡᠳᠡᠭᠦᠯᠦᠨ ᠵᠥᠪᠰᠢᠶᠡᠷᠡᠭᠦᠯᠬᠦ ᠳᠥᠷᠪᠡᠨ ᠱᠠᠲᠤ ᠶᠢ ᠥᠩᠭᠡᠷᠡᠭᠡᠵᠦ᠂ 2022 ᠣᠨ ᠤ 3 ᠳ᠋ᠤᠭᠠᠷ ᠰᠠᠷ᠎ᠠ ᠶᠢᠨ 3᠎ ᠤ ᠡᠳᠦᠷ ᠪᠠᠯᠭᠠᠰᠤᠨ ᠤ ᠲᠣᠭᠤᠷᠢᠭ ᠤᠨ ᠡᠵᠡᠮᠰᠢᠯ ᠤᠨ ᠴᠢᠨᠠᠷᠲᠠᠶ ᠨᠠᠷᠢᠨ ᠲᠥᠯᠥᠪᠵᠢᠭᠦᠯᠭᠡ ᠶᠢ ᠵᠠᠰᠠᠨ ᠨᠠᠶᠢᠷᠠᠭᠤᠯᠬᠤ ᠠᠵᠢᠯ ᠢ ᠠᠮᠵᠢᠯᠲᠠ ᠲᠠᠢ ᠪᠡᠶᠡᠯᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号