ᠡᠵᠡᠨ ᠬᠤᠷᠤᠭ᠎ᠠ ᠪᠠᠯᠭᠠᠰᠤ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ︽ᠡᠭᠦᠳᠡ ᠪᠠᠨ ᠨᠡᠭᠡᠭᠡᠵᠦ ᠰᠠᠨᠠᠯ ᠬᠤᠷᠢᠶᠠᠬᠤ︾ ᠰᠠᠭᠤᠳᠠᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/22
       ᠠᠵᠤ ᠠᠬᠤᠶᠢᠯᠠᠯ ᠤᠨ ᠬᠡᠷᠡᠭᠴᠡᠭᠡ ᠶᠢ ᠤᠯᠠᠮ ᠨᠢᠭᠡ ᠠᠯᠬᠤᠮ ᠣᠶᠢᠯᠠᠭᠠᠵᠤ᠂ ᠠᠵᠤ ᠠᠬᠤᠶᠢᠯᠠᠯ ᠤᠨ ᠰᠠᠨᠠᠭᠤᠯᠭ᠎ᠠ ᠶᠢ ᠰᠣᠨᠣᠰᠬᠤ ᠶᠢᠨ ᠲᠥᠯᠥᠭᠡ᠂ ᠡᠵᠡᠨ ᠬᠤᠷᠤᠭ᠎ᠠ ᠪᠠᠯᠭᠠᠰᠤ ︽ᠬᠤᠷᠢᠳᠤᠭᠠᠷ ᠶᠡᠭᠡ ᠬᠤᠷᠠᠯ ᠢ ᠤᠭᠲᠤᠬᠤ᠂ ᠬᠠᠤᠯᠢᠵᠢᠭᠰᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ᠂ ᠴᠢᠨᠠᠷ ᠰᠠᠶᠢᠲᠠᠶ ᠬᠥᠭᠵᠢᠯᠲᠡ ᠳᠤ ᠦᠢᠯᠡᠴᠢᠯᠡᠬᠦ ᠶᠢ ᠪᠠᠲᠤᠯᠠᠬᠤ︾ ᠶᠡᠭᠡ ᠶᠠᠷᠢᠯᠴᠠᠭᠠᠨ ᠤ ᠠᠵᠢᠯᠯᠠᠭ᠎ᠠ ᠶᠢᠨ ︽ᠡᠭᠦᠳᠡ ᠪᠠᠨ ᠨᠡᠭᠡᠭᠡᠵᠦ ᠰᠠᠨᠠᠯ ᠬᠤᠷᠢᠶᠠᠬᠤ︾ ᠰᠠᠭᠤᠳᠠᠯ ᠤᠨ ᠬᠤᠷᠠᠯ ᠬᠤᠷᠠᠯᠳᠤᠭᠤᠯᠵᠤ᠂ ᠪᠠᠯᠭᠠᠰᠤᠨ ᠳᠤ ᠰᠠᠭᠤᠭ᠎ᠠ ᠠᠵᠤ ᠠᠬᠤᠶᠢᠯᠠᠯ ᠤᠨ ᠬᠠᠷᠢᠭᠤᠴᠠᠯᠭᠠᠲᠠᠨ᠂ ᠬᠠᠤᠯᠢ ᠬᠡᠷᠡᠭᠵᠢᠭᠦᠯᠬᠦ ᠨᠢᠭᠡᠴᠢ ᠶᠢᠨ ᠬᠠᠷᠢᠭᠤᠴᠠᠯᠭᠠᠲᠠᠨ ᠢ ᠤᠷᠢᠨ ᠣᠷᠣᠯᠴᠠᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠨᠠᠷᠠᠨᠳᠠᠯᠠᠢ ᠬᠤᠷᠠᠯ ᠢ ᠡᠷᠭᠢᠯᠡᠨ ᠶᠠᠷᠢᠶ᠎ᠠ ᠲᠠᠯᠪᠢᠪᠠ᠃      ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠠᠵᠤ ᠠᠬᠤᠶᠢᠯᠠᠯ ᠤᠨ ᠲᠥᠯᠥᠭᠡᠯᠡᠭᠴᠢᠳ ᠲᠣᠰ ᠪᠡᠶ᠎ᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠮᠠᠨ ᠤ ᠪᠠᠯᠭᠠᠰᠤᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠳᠤ ᠣᠷᠣᠰᠢᠵᠤ ᠪᠠᠶᠢᠭ᠎ᠠ ᠲᠣᠪᠤᠶᠢᠮ᠎ᠠ ᠠᠰᠠᠭᠤᠳᠠᠯ ᠪᠠ ᠬᠦᠴᠢᠷᠳᠡᠯ ᠳᠤ ᠠᠩᠬᠠᠷᠤᠯ ᠢᠶᠠᠨ ᠲᠥᠪᠯᠡᠷᠡᠭᠦᠯᠵᠦ ᠂ ᠥᠪᠡᠷ ᠥᠪᠡᠷ ᠤᠨ ᠦᠵᠡᠯᠲᠡ ᠪᠠᠨ ᠶᠠᠷᠢᠵᠤ᠂ ᠬᠠᠤᠯᠢ ᠬᠡᠷᠡᠭᠵᠢᠭᠦᠯᠬᠦ ᠬᠠᠤᠯᠢ ᠪᠠᠷᠢᠬᠤ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠬᠦ᠂ ᠰᠠᠶᠢᠨ ᠰᠠᠶᠢᠬᠠᠨ ᠬᠠᠤᠯᠢᠵᠢᠯ ᠤᠨ ᠣᠷᠴᠢᠨ ᠲᠣᠭᠤᠷᠢᠨ ᠢ ᠪᠣᠶ ᠪᠣᠯᠭᠠᠬᠤ᠂ ᠠᠵᠤ ᠠᠬᠤᠶᠢᠯᠠᠯ ᠪᠠ ᠠᠵᠤ ᠠᠬᠤᠶᠢᠯᠠᠯᠲᠠᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠵᠡᠷᠭᠡ ᠲᠠᠯ᠎ᠠ ᠪᠠᠷ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠴᠠᠶ᠃ ᠪᠠᠯᠭᠠᠰᠤᠨ ᠳᠤ ᠰᠠᠭᠤᠭ᠎ᠠ ᠬᠠᠤᠯᠢ ᠬᠡᠷᠡᠭᠵᠢᠭᠦᠯᠬᠦ ᠨᠢᠭᠡᠴᠢ ᠶᠢᠨ ᠬᠠᠷᠢᠭᠤᠴᠠᠯᠭᠠᠲᠠᠨ ᠠᠵᠤ ᠠᠬᠤᠶᠢᠯᠠᠯᠲᠠᠨ ᠤ ᠳᠤᠷᠠᠳᠤᠭᠰᠠᠨ ᠠᠰᠠᠭᠤᠳᠠᠯ ᠳᠤ ᠴᠢᠭᠯᠡᠭᠦᠯᠦᠨ ᠲᠤᠬᠠᠶ ᠶᠢᠨ ᠲᠠᠯᠠᠪᠤᠷ ᠲᠤ ᠮᠠᠲᠠᠭ ᠲᠠᠢ ᠠᠰᠠᠭᠤᠳᠠᠯ ᠢ ᠬᠠᠷᠢᠭᠤᠯᠵᠤ᠂ ᠲᠤᠰᠬᠠᠶ ᠮᠡᠷᠭᠡᠵᠢᠯ ᠤᠨ ᠬᠠᠤᠯᠢ ᠴᠠᠭᠠᠵᠠ ᠶᠢᠨ ᠮᠡᠳᠡᠯᠭᠡ ᠪᠠᠷ ᠬᠦᠯᠢᠴᠡᠩᠭᠦᠶ ᠨᠠᠷᠢᠨ ᠨᠢᠮᠪᠠᠶ ᠬᠠᠷᠢᠭᠤᠯᠲᠠ ᠥᠭᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号