| ᠡᠵᠡᠨ ᠬᠤᠷᠤᠭ᠎ᠠ ᠪᠠᠯᠭᠠᠰᠤ ᠦᠨᠳᠦᠰᠦᠨ ᠱᠠᠲᠤᠨ ᠤ ᠨᠡᠶᠢᠭᠡᠮ ᠤᠨ ᠵᠠᠰᠠᠯᠲᠠ ᠶᠢ ᠭᠦᠨᠵᠡᠭᠡᠶ ᠥᠷᠨᠢᠭᠦᠯᠬᠦ ᠪᠠᠷ | ᠠᠵᠠ ᠲᠣᠬᠢᠶᠠᠯ ᠪᠣᠯᠭᠠᠵᠤ᠂ ᠠᠵᠢᠯ ᠤᠨ ᠪᠣᠳᠠᠲᠤ ᠪᠠᠶᠢᠳᠠᠯ ᠳᠤ ᠰᠠᠭᠤᠷᠢᠯᠠᠨ᠂ ᠵᠠᠬᠢᠳᠠᠯ ᠰᠤᠷᠪᠤᠯᠵᠢᠯᠠᠯ ᠤᠨ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠭᠡᠨᠲᠡ ᠪᠠᠶᠢᠭ᠎ᠠ ᠵᠠᠬᠢᠳᠠᠯ ᠰᠤᠷᠪᠤᠯᠵᠢᠯᠠᠯ ᠤᠨ ᠵᠥᠷᠢᠴᠡᠯ ᠢ ᠡᠶᠡᠳᠡᠭᠦᠯᠬᠦ | ᠲᠣᠭᠲᠠᠴᠠ ᠳᠤ ᠰᠠᠭᠤᠷᠢᠯᠠᠨ ︽1043︾ ᠠᠵᠢᠯ ᠤᠨ ᠠᠷᠭ᠎ᠠ ᠶᠢ ᠡᠭᠦᠳᠪᠡ᠂ ᠲᠤᠬᠠᠶᠢᠯᠠᠪᠠᠯ᠄ ᠠᠷᠪᠠᠨ ᠡᠷᠦᠬᠡ | ᠬᠤᠯᠪᠣᠭᠠᠯᠠᠨ ᠰᠡᠷᠭᠡᠶᠢᠯᠡᠵᠦ᠂ ᠳᠥᠷᠪᠡᠨ ᠱᠠᠲᠤ ᠬᠤᠯᠪᠣᠭᠠᠯᠠᠨ ᠬᠥᠳᠡᠯᠦᠯᠴᠡᠵᠦ᠂ ᠭᠤᠷᠪᠠᠨ ᠲᠣᠰᠬᠤᠨ ᠬᠤᠯᠪᠣᠭᠠᠯᠠᠨ | ᠡᠵᠡᠮᠳᠡᠨ᠎ᠡ᠃ | ︽10︾ ᠭᠡᠳᠡᠭ ᠨᠢ ᠠᠷᠪᠠᠨ ᠡᠷᠦᠬᠡ ᠪᠠᠷ ᠨᠢᠭᠡ ᠨᠢᠭᠡᠴᠢ ᠪᠣᠯᠭᠠᠵᠤ᠂ ᠨᠢᠭᠡᠨ ᠤᠯᠤᠰ ᠲᠥᠷᠥ ᠶᠢᠨ ᠬᠡᠪ | ᠴᠢᠨᠠᠷ ᠢᠶᠠᠷ ᠰᠠᠶᠢᠨ᠂ ᠠᠵᠢᠯ ᠳᠠᠭᠠᠨ ᠬᠢᠨᠠᠮᠠᠭᠠᠶ ᠬᠠᠷᠢᠭᠤᠴᠠᠯᠭ᠎ᠠ ᠲᠠᠢ᠂ ᠣᠯᠠᠨ ᠲᠦᠮᠡᠨ ᠤ ᠨᠡᠷ᠎ᠡ ᠬᠦᠨᠳᠦ ᠥᠨᠳᠥᠷ | ᠨᠠᠮ ᠤᠨ ᠭᠡᠰᠢᠭᠦᠨ ︵ᠪᠤᠶᠤ ᠣᠯᠠᠨ ᠲᠦᠮᠡᠨ︶ ᠢ ᠰᠣᠩᠭᠤᠨ ᠭᠠᠷᠭᠠᠵᠤ ᠰᠦᠯᠵᠢᠶᠡᠨ ᠤ ᠳᠠᠷᠤᠭ᠎ᠠ ᠶᠢᠨ ᠲᠤᠰᠢᠶᠠᠯ ᠢ | ᠡᠭᠦᠷᠭᠡᠯᠡᠭᠦᠯᠵᠦ᠂ ︽ᠬᠢᠨᠠᠨ ᠡᠵᠡᠮᠳᠡᠭᠴᠢ︾᠂ ︽ᠤᠬᠠᠭᠤᠯᠤᠭᠴᠢ︾ ᠶᠢᠨ ᠡᠭᠦᠷᠭᠡ ᠴᠢᠳᠠᠪᠤᠷᠢ ᠶᠢ ᠢᠳᠡᠪᠬᠢᠲᠡᠶ | ᠪᠠᠳᠠᠷᠠᠭᠤᠯᠤᠨ᠂ ᠬᠥᠮᠦᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠬᠢᠨᠠᠮᠠᠭᠠᠶ | ᠨᠠᠶᠢᠳᠠᠪᠤᠷᠢᠵᠢᠭᠤᠯᠤᠨ᠎ᠠ᠃ | ︽4︾ ᠨᠢ ᠳᠥᠷᠪᠡᠨ ᠱᠠᠲᠤ ᠬᠤᠯᠪᠣᠭᠠᠯᠠᠨ ᠬᠥᠳᠡᠯᠦᠯᠴᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ | ᠪᠠᠯᠭᠠᠰᠤᠨ ᠤ ᠺᠠᠳ᠋ᠷ᠂ ᠲᠣᠰᠬᠤᠨ ᠤ ︽ᠬᠤᠶᠠᠷ ᠵᠥᠪᠯᠡᠯ︾ ᠢᠶᠠᠷ ᠭᠤᠤᠯᠯᠠᠭᠤᠯᠵᠤ᠂ ᠰᠦᠯᠵᠢᠶᠡᠨ ᠤ ᠳᠠᠷᠤᠭ᠎ᠠ᠂ | ᠲᠠᠷᠢᠶᠠᠴᠢᠨ ᠡᠷᠦᠬᠡ ᠳᠥᠷᠪᠡᠨ ᠱᠠᠲᠤ ᠱᠠᠲᠤ ᠪᠠᠷ ᠬᠤᠯᠪᠣᠭᠠᠯᠠᠨ ᠬᠥᠳᠡᠯᠦᠯᠴᠡᠬᠦ ᠲᠣᠭᠲᠠᠴᠠ ᠶᠢ ᠪᠦᠷᠢᠯᠳᠦᠭᠦᠯᠪᠡ᠃ | ᠪᠠᠯᠭᠠᠰᠤᠨ ᠤ ᠺᠠᠳ᠋ᠷ ᠰᠢᠪᠠᠳᠠᠨ ᠵᠢᠯᠣᠭᠤᠳᠬᠤ ᠪᠠᠨ ᠴᠢᠩᠭᠠᠳᠬᠠᠵᠤ᠂ ᠠᠵᠢᠯ ᠤᠨ ᠡᠭᠦᠷᠭᠡ ᠪᠠᠨ ᠨᠠᠶᠢᠳᠠᠪᠤᠷᠢᠵᠢᠭᠤᠯᠪᠠ | ︔ ᠲᠣᠰᠬᠤᠨ ᠤ ︽ᠬᠤᠶᠠᠷ ᠵᠥᠪᠯᠡᠯ︾ ᠤᠨ ᠭᠤᠤᠯ ᠬᠠᠷᠢᠭᠤᠴᠠᠯᠭᠠᠲᠠᠨ ᠪᠣᠳᠠᠲᠠᠶ ᠬᠡᠷᠡᠭᠵᠢᠭᠦᠯᠬᠦ ᠶᠢ ᠬᠠᠷᠢᠭᠤᠴᠠᠵᠤ᠂ | ᠡᠯ᠎ᠡ ᠵᠦᠢᠯ ᠤᠨ ᠨᠠᠷᠢᠨ ᠵᠦᠢᠯᠡᠰ ᠢ ᠨᠠᠶᠢᠳᠠᠪᠤᠷᠢᠵᠢᠭᠤᠯᠤᠨ᠎ᠠ︔ ᠰᠦᠯᠵᠢᠶᠡᠨ ᠤ ᠲᠠᠰᠤᠯᠪᠤᠷᠢ ᠶᠢᠨ ᠳᠠᠷᠤᠭ᠎ᠠ | ᠬᠤᠯᠪᠣᠭᠠᠰᠤ ᠶᠢᠨ ᠦᠢᠯᠡᠳᠦᠯ ᠢᠶᠠᠨ ᠪᠠᠳᠠᠷᠠᠭᠤᠯᠵᠤ᠂ ᠮᠡᠳᠡᠭᠡ ᠵᠠᠩᠭᠢ ᠶᠢᠨ ᠠᠷᠭ᠎ᠠ ᠵᠠᠮ ᠢ ᠰᠢᠯᠤᠭᠤᠳᠬᠠᠪᠠ᠃ | ︽3︾ ᠪᠣᠯ ᠭᠤᠷᠪᠠᠨ ᠲᠣᠰᠬᠤᠨ ᠤ ᠬᠤᠯᠪᠣᠭᠠᠯᠠᠨ ᠡᠵᠡᠮᠳᠡᠬᠦ ᠲᠣᠭᠲᠠᠴᠠ ᠶᠢ ᠪᠠᠶᠢᠭᠤᠯᠤᠨ᠎ᠠ᠂ ︽ | ᠬᠠᠤᠯᠢ ᠪᠠᠷ ᠵᠠᠰᠠᠬᠤ ᠬᠥᠳᠡᠭᠡ ᠲᠣᠰᠬᠤᠨ︾ ᠢ ᠪᠠᠷᠢᠮᠲᠠᠯᠠᠨ᠎ᠠ᠂ ︽ᠠᠮᠤᠷ ᠠᠮᠤᠭᠤᠯᠠᠩ ᠬᠥᠳᠡᠭᠡ ᠲᠣᠰᠬᠤᠨ︾᠂ ︽ | ᠡᠶ᠎ᠡ ᠵᠣᠬᠢᠴᠠᠯ ᠲᠠᠢ ᠬᠥᠳᠡᠭᠡ ᠲᠣᠰᠬᠤᠨ︾ ᠢ ᠪᠦᠲᠦᠭᠡᠨ ᠪᠠᠶᠢᠭᠤᠯᠬᠤ ᠪᠠᠷ ᠭᠤᠣᠯ ᠰᠢᠵᠢᠮ ᠪᠣᠯᠭᠠᠨ᠎ᠠ᠂ ᠴᠡᠭ ᠢᠶᠠᠷ | ᠨᠡᠶᠢᠳᠡᠮ ᠢ ᠳᠠᠶᠢᠴᠢᠯᠠᠬᠤ᠂ ᠮᠠᠨ ᠤ ᠪᠠᠯᠭᠠᠰᠤᠨ ᠤ ᠨᠢᠭᠡᠨᠲᠡ ᠪᠠᠢᠭ᠎ᠠ ︽ᠲᠤᠤᠷᠴᠢᠯᠠᠭᠰᠠᠨ︾ ᠠᠵᠢᠯ ᠤᠨ | ᠲᠣᠭᠲᠠᠴᠠ ᠶᠢ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠂ ᠬᠤᠶᠠᠳᠤᠭᠠᠷ ᠳᠡᠰ ᠤᠨ ᠲᠣᠣᠷᠵᠢᠯ ᠤᠨ ︽ᠲᠤᠯᠤᠭᠠᠨ | ᠨᠢᠬᠡ︾ ᠵᠠᠭᠪᠤᠷ ᠲᠤ ᠲᠦᠰᠢᠭᠯᠡᠨ᠂ ᠨᠠᠮ ᠤᠨ ᠭᠡᠰᠢᠭᠦᠨ ᠺᠠᠳ᠋ᠷ ᠢ ᠪᠠᠭᠲᠠᠭᠠᠭᠰᠠᠨ᠂ ᠴᠡᠷᠢᠭ ᠠᠴᠠ ᠬᠠᠯᠠᠭᠳᠠᠭᠰᠠᠳ᠂ | ᠲᠤᠤᠷᠴᠢᠯᠠᠭᠰᠠᠨ ᠠᠷᠠᠳ ᠤᠨ ᠴᠠᠭᠳᠠᠭ᠎ᠠ᠂ ᠲᠤᠰᠬᠠᠶ ᠳᠤᠰᠢᠶᠠᠯᠲᠤ ᠲᠣᠣᠷᠴᠢᠨ᠂ ᠨᠤᠲᠤᠭ ᠤᠨ ᠮᠡᠷᠭᠡᠳ᠂ ᠵᠠᠬᠢᠳᠠᠯ | ᠰᠤᠷᠪᠤᠯᠵᠢᠯᠠᠯ ᠤᠨ ᠣᠷᠣᠯᠠᠨ ᠬᠦᠢᠴᠡᠳᠬᠡᠭᠴᠢ ︵ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠭᠴᠢ︶᠂ | ᠲᠣᠰᠬᠤᠨ ᠳᠤ ᠰᠠᠭᠤᠵᠤ ᠬᠠᠷᠢᠯᠴᠠᠬᠤ ᠰᠢᠭᠦᠬᠦ ᠲᠤᠰᠢᠶᠠᠯᠲᠠᠨ᠂ ᠲᠤᠤᠷᠴᠢᠯᠠᠭᠰᠠᠨ ᠬᠠᠤᠯᠢᠴᠢ ᠵᠡᠷᠭᠡ ᠬᠥᠮᠦᠰ ᠢ | ᠪᠠᠭᠲᠠᠭᠠᠭᠰᠠᠨ ᠲᠤᠰᠬᠠᠶ ᠮᠡᠷᠭᠡᠵᠢᠯ ᠤᠨ ᠴᠢᠳᠠᠪᠤᠷᠢᠲᠠᠨ ᠤ ᠳ᠋ᠠᠶᠢᠲ᠋ᠠ ᠬᠥᠮᠥᠷᠭᠡ᠂ ᠵᠥᠷᠢᠴᠡᠯ ᠵᠢᠭᠤᠷᠠᠯᠳᠤᠭᠠᠨ ᠢ | ᠲᠣᠬᠢᠷᠠᠭᠤᠯᠬᠤ ᠶᠠᠪᠤᠴᠠ ᠳᠠᠬᠢ ᠣᠯᠠᠨ ᠲᠦᠮᠡᠨ ᠤ ᠪᠣᠳᠠᠲᠠᠶ ᠬᠡᠷᠡᠭᠴᠡᠭᠡ ᠶᠢ ᠦᠨᠳᠦᠰᠦᠯᠡᠪᠡᠯ᠂ ᠣᠯᠠᠨ ᠲᠦᠮᠡᠨ ᠤ | ᠬᠠᠨᠤᠮᠵᠢᠲᠠᠶ ᠲᠤᠰᠬᠠᠶᠢᠵᠢᠭᠰᠠᠨ ᠦᠢᠯᠡᠴᠢᠯᠡᠭᠡ ᠬᠠᠩᠭᠠᠨ᠎ᠠ᠃ | ᠣᠳᠣᠬᠠᠨ ᠪᠣᠯᠲᠠᠯ᠎ᠠ᠂ 1043 ᠠᠵᠢᠯ ᠤᠨ ᠬᠠᠤᠯᠢ ᠨᠢ ᠮᠠᠨ ᠤ ᠪᠠᠯᠭᠠᠰᠤᠨ ᠤ ᠣᠯᠠᠨ ᠵᠠᠬᠢᠳᠠᠯ | ᠰᠤᠷᠪᠤᠯᠵᠢᠯᠠᠯ ᠤᠨ ᠳᠠᠷᠤᠭᠳᠠᠮᠠᠯ ᠬᠡᠷᠡᠭ ᠢ ᠪᠦᠲᠦᠮᠵᠢᠲᠡᠶ ᠰᠢᠢᠳᠪᠦᠷᠢᠯᠡᠪᠡ᠃ | | | | |