ᠡᠵᠡᠨ ᠬᠤᠷᠤᠭ᠎ᠠ ᠬᠤᠰᠢᠭᠤᠨ ᠤ ᠵᠠᠰᠠᠭ ᠪᠠᠯᠭᠠᠰᠤ ᠶᠢᠨ ᠠᠷᠠᠳ ᠤᠨ ᠲᠥᠯᠥᠭᠡᠯᠡᠭᠴᠢ ᠰᠤᠷᠪᠤᠯᠵᠢᠯᠠᠭ᠎ᠠ ᠬᠦᠯᠢᠶᠡᠵᠦ᠂ ᠣᠯᠠᠨ ᠲᠦᠮᠡᠨ ᠲᠠᠢ ᠨᠢᠭᠲᠠ ᠬᠠᠷᠢᠯᠴᠠᠬᠤ ︽ᠰᠡᠳᠬᠢᠯ ᠤᠨ ᠬᠥᠭᠦᠷᠭᠡ︾᠎ ᠶᠢ ᠪᠠᠶᠢᠭᠤᠯᠪᠠ
ᠨᠡᠶᠢᠲᠡᠯᠡᠭᠰᠡᠨ ᠴᠠᠭ᠄
2022/7/22
     ᠵᠠᠰᠠᠭ ᠪᠠᠯᠭᠠᠰᠤ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠵᠣᠣ ᠵᠢᠶᠦ᠋ᠨ᠂ ᠭᠤᠤ ᠨᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠬᠡᠷ ᠲᠤ ᠰᠤᠷᠪᠤᠯᠵᠢᠯᠠᠭ᠎ᠠ ᠬᠦᠯᠢᠶᠡᠵᠦ᠂ ᠭᠠᠵᠠᠷ ᠰᠢᠷᠣᠶ ᠳᠡᠪᠢᠰᠦᠭᠰᠡᠨ ᠤᠰᠤᠨ ᠬᠤᠭᠤᠯᠠᠶ ᠶᠢᠨ ᠬᠠᠮᠢᠶ᠎ᠠ ᠪᠥᠬᠦᠶ ᠶᠠᠪᠤᠳᠠᠯ ᠤᠨ ᠲᠤᠬᠠᠶ ᠲᠠᠶᠢᠯᠤᠮᠵᠢ ᠬᠢᠪᠠ᠃     ᠵᠤᠤ ᠵᠢᠶᠦ᠋ᠨ᠂ ᠭᠤᠤ ᠨᠠ ᠪᠣᠯᠤᠨ ᠰᠤᠷᠪᠤᠯᠵᠢᠯᠠᠯ ᠬᠢᠬᠦ ᠪᠠᠷ ᠢᠷᠡᠭᠰᠡᠨ ᠬᠥᠮᠦᠰ ᠭᠠᠵᠠᠷ ᠰᠢᠷᠣᠢ ᠶᠢᠨ ᠲᠠᠯᠠᠪᠠᠢ ᠂ ᠤᠰᠤᠨ ᠬᠥᠭᠡᠷᠭᠡ ᠶᠢᠨ ᠪᠦᠳᠦᠭᠡᠨ ᠪᠠᠶᠢᠭᠤᠯᠤᠯᠲᠠ ᠶᠢᠨ ᠪᠠᠶᠢᠷᠢ᠂ ᠳᠠᠮᠵᠢᠭᠤᠯᠬᠤ ᠬᠤᠭᠤᠯᠠᠢ ᠳᠡᠪᠢᠰᠬᠦ ᠵᠠᠮ ᠪᠠ ᠤᠰᠤᠨ ᠬᠤᠭᠤᠯᠠᠢ ᠬᠡᠷᠡᠭᠯᠡᠬᠦ ᠮᠠᠲ᠋ᠧᠷᠢᠶᠠᠯ ᠵᠡᠷᠭᠡ ᠠᠰᠠᠭᠤᠳᠠᠯ ᠳᠤ ᠪᠣᠳᠠᠲᠠᠢ ᠵᠠᠳᠠᠯᠤᠯᠲᠠ ᠬᠢᠵᠦ᠂ ᠬᠤᠶᠠᠷ ᠲᠥᠯᠥᠭᠡᠯᠡᠭᠴᠢ ᠪᠣᠳᠠᠲᠠᠢ᠂ ᠥᠪᠡᠷ ᠤᠨ ᠦᠷᠳᠡᠭ ᠳᠣᠣᠷ᠎ᠠ᠂ ᠬᠡᠷᠡᠭᠯᠡᠬᠦ ᠬᠤᠭᠤᠴᠠᠭ᠎ᠠ ᠤᠷᠳᠤ ᠵᠡᠷᠭᠡ ᠵᠠᠷᠴᠢᠮ ᠢ ᠪᠠᠷᠢᠮᠲᠠᠯᠠᠵᠤ᠂ ᠰᠤᠷᠪᠤᠯᠵᠢᠯᠠᠯ ᠬᠢᠬᠦ ᠪᠠᠷ ᠢᠷᠡᠭᠰᠡᠨ ᠬᠥᠮᠦᠰ ᠲᠤ ᠵᠣᠬᠢᠰᠲᠠᠢ ᠰᠠᠨᠠᠭᠤᠯᠭ᠎ᠠ ᠳᠤᠷᠠᠳᠴᠠᠢ᠃ ᠰᠤᠷᠪᠤᠯᠵᠢᠯᠠᠭ᠎ᠠ ᠶᠢ ᠭᠥᠯᠢᠶᠡᠨ ᠠᠪᠤᠭᠰᠠᠨ ᠤ ᠳᠠᠷᠠᠭ᠎ᠠ᠂ ᠵᠣᠣ ᠵᠢᠶᠦ᠋ᠨ ᠪᠣᠯᠤᠨ ᠭᠤᠤ ᠨᠠ ᠲᠠ ᠡᠯ ᠾᠧ ᠲᠣᠰᠬᠤᠨ ᠳᠤ ᠬᠦᠷᠴᠦ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠵᠦ᠂ ᠲᠠ ᠡᠯ ᠾᠧ ᠲᠣᠰᠬᠤᠨ ᠤ ᠨᠠᠮ ᠤᠨ ᠡᠭᠦᠷ ᠤᠨ ᠱᠦᠵᠢ ᠼᠤᠤ ᠭᠦᠸᠧ ᠯᠢᠶᠠᠩ ᠪᠣᠯᠤᠨ ᠬᠤᠰᠢᠭᠤᠨ ᠤ ᠠᠷᠠᠳ ᠤᠨ ᠲᠥᠯᠥᠭᠡᠯᠡᠭᠴᠢ ᠭᠤᠤ ᠶᠦᠩ ᠭᠠᠩ ᠪᠠᠶᠢᠴᠠᠭᠠᠨ ᠰᠤᠳᠤᠯᠤᠯᠲᠠ ᠳᠤ ᠣᠷᠣᠯᠴᠠᠵᠤ ᠰᠤᠷᠪᠤᠯᠵᠢᠯᠠᠭ᠎ᠠ ᠶᠢ ᠭᠥᠯᠢᠶᠡᠨ ᠠᠪᠴᠠᠶ᠃       ︽ᠠᠷᠠᠳ ᠲᠦᠮᠡᠨ ᠨᠠᠮᠠᠶᠢ ᠲᠥᠯᠥᠭᠡᠯᠡᠭᠴᠢ ᠪᠠᠷ ᠰᠣᠩᠭᠤᠵᠤ᠂ ᠪᠢ ᠲᠥᠯᠥᠭᠡᠯᠡᠭᠴᠢ ᠪᠤᠯᠵᠤ ᠠᠷᠠᠳ ᠲᠦᠮᠡᠨ ᠤ ᠲᠥᠯᠥᠭᠡ ᠵᠢᠳᠬᠦᠨ᠎ᠡ︾᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ ᠠᠷᠠᠳ ᠤᠯᠠᠨ ᠤ ᠣᠷᠣᠯᠠᠨ ᠥᠭᠦᠯᠡᠭᠴᠢ ᠮᠥᠨ᠂ ᠨᠠᠮ ᠪᠠ ᠵᠠᠰᠠᠭ ᠤᠨ ᠣᠷᠳᠣᠨ ᠤ ᠠᠷᠠᠳ ᠤᠯᠠᠨ ᠲᠠᠢ ᠬᠠᠷᠢᠯᠴᠠᠬᠤ ᠬᠥᠭᠦᠷᠭᠡ ᠪᠠ ᠬᠤᠯᠪᠣᠭᠠᠰᠤ ᠮᠥᠨ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠣᠩᠭᠤᠭᠤᠯᠢ ᠶᠢᠨ ᠠᠷᠠᠳ ᠲᠠᠢ ᠬᠠᠷᠢᠯᠴᠠᠬᠤ ᠠᠵᠢᠯᠯᠠᠭ᠎ᠠ ᠶᠢ ᠢᠳᠡᠪᠬᠢᠲᠡᠶ ᠥᠷᠨᠢᠭᠦᠯᠵᠦ᠂ ︽ᠬᠤᠶᠠᠷ ᠢ ᠬᠤᠯᠪᠣᠭᠠᠯᠠᠬᠤ︾ ᠠᠵᠢᠯᠯᠠᠭ᠎ᠠ ᠶᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠣᠯᠠᠨ ᠲᠦᠮᠡᠨ ᠤ ᠵᠦᠶ ᠶᠣᠰᠣᠨ ᠤ ᠬᠦᠰᠡᠯ ᠱᠠᠭᠠᠷᠳᠠᠯᠭ᠎ᠠ ᠶᠢ ᠠᠩᠬᠠᠷᠤᠨ ᠰᠢᠢᠳᠪᠦᠷᠢᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠵᠢᠱᠢᠶᠡᠴᠢ ᠦᠢᠯᠡᠳᠦᠯ ᠢ ᠢᠯᠡᠷᠡᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠠᠶᠢᠨ ᠰᠠᠶᠢᠬᠠᠨ ᠳᠦᠷᠢ ᠲᠥᠷᠬᠦ ᠶᠢ ᠪᠣᠶ ᠪᠣᠯᠭᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号