ᠤᠯᠠᠭᠠᠨᠮᠦ᠋ᠷᠡᠨ ᠪᠠᠯᠭᠠᠰᠤᠨ ᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠣᠷᠣᠭᠤᠯᠵᠤ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠨᠠᠩ ᠲᠥᠬᠦᠮ‌‍ᠪᠤᠯᠭᠠᠵᠤ ᠪᠠᠶᠢᠨ᠎ᠠ
ᠨᠡᠶᠢᠲᠡᠯᠡᠭᠰᠡᠨ ᠴᠠᠭ᠄
2022/7/22
       ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠦᠢᠯᠡᠴᠢᠯᠡᠭᠡᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ᠂ ᠰᠠᠭᠤᠭᠠᠯᠢ ᠠᠷᠠᠳ ᠤᠨ ᠠᠵᠢᠯ ᠶᠠᠪᠤᠳᠠᠯ ᠬᠦᠢᠴᠡᠳᠬᠡᠬᠦ ᠳᠤ ᠲᠥᠬᠦᠮ ᠦᠵᠡᠭᠦᠯᠬᠦ ᠶᠢᠨ ᠲᠥᠯᠥᠭᠡ᠂ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠭᠤᠷᠬᠠᠶ ᠶᠢᠨ ᠣᠷᠣᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠤᠨ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠨᠢ ᠤᠯᠠᠭᠠᠨᠮᠦ᠋ᠷᠡᠨ ᠪᠠᠯᠭᠠᠰᠤᠨ ᠤ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠣᠷᠣᠵᠤ ᠰᠠᠭᠤᠨ᠂ ᠣᠯᠠᠨ ᠲᠦᠮᠡᠨ ᠴᠥᠮ ᠠᠷᠠᠳ ᠲᠤ ᠲᠥᠬᠦᠮ ᠦᠵᠡᠭᠦᠯᠬᠦ ᠲᠢᠩᠬᠢᠮ ᠪᠠ ᠬᠠᠷᠢᠶ᠎ᠠ ᠲᠣᠭᠤᠷᠢᠭ ᠤᠨ ᠲᠣᠮᠢᠯᠠᠭᠰᠠᠨ ᠰᠠᠯᠪᠤᠷᠢ ᠳᠤ ᠡᠷᠦᠬᠡ ᠬᠦᠢᠴᠡᠳᠬᠡᠬᠦ᠂ ᠦᠨᠡᠮᠯᠡᠯ ᠬᠦᠢᠴᠡᠳᠬᠡᠬᠦ ᠵᠡᠷᠭᠡ ᠲᠤᠬᠠᠶᠢᠯᠠᠭᠰᠠᠨ ᠠᠵᠢᠯ ᠢ ᠬᠦᠢᠴᠡᠳᠬᠡᠵᠦ᠂ ᠣᠯᠠᠨ ᠲᠦᠮᠡᠨ ᠢ ᠬᠠᠮᠤᠭ ᠤᠨ ᠶᠡᠭᠡ ᠬᠡᠮᠵᠢᠶ᠎ᠡ ᠪᠠᠷ ︽ᠳᠤᠲᠠᠭᠤ ᠭᠦᠶᠦᠯᠭᠡᠬᠦ︾ ᠪᠣᠯᠭᠠᠵᠤ ᠪᠠᠶᠢᠨ᠎ᠠ᠃      ᠡᠷᠦᠬᠡ ᠠᠮᠠ ᠶᠢᠨ ᠲᠤᠬᠠᠶᠢᠯᠠᠭᠰᠠᠨ ᠠᠵᠢᠯ ᠤᠨ ᠴᠤᠩᠬᠤᠪᠴᠢ ᠶᠢ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ ᠨᠢᠭᠡᠳᠦᠭᠡᠷ ᠲᠠᠪᠬᠤᠷᠭ᠎ᠠ ᠶᠢᠨ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠲᠢᠩᠬᠢᠮ ᠳᠤ ᠳᠣᠭᠢᠷᠠᠭᠤᠯᠵᠤ᠂ ᠲᠣᠰ ᠴᠤᠩᠬᠤᠪᠴᠢ ᠨᠢ ᠭᠤᠤᠯᠳᠠᠭᠤ ᠡᠷᠦᠬᠡ ᠠᠮᠠ ᠰᠢᠯᠵᠢᠭᠦᠯᠦᠨ ᠣᠷᠣᠭᠤᠯᠬᠤ ᠪᠠ ᠰᠢᠯᠵᠢᠭᠦᠯᠦᠨ ᠭᠠᠷᠭᠠᠬᠤ᠂ ᠪᠡᠶ᠎ᠡ ᠶᠢᠨ ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠬᠦ ᠵᠢᠴᠢ ᠰᠣᠯᠢᠬᠤ᠂ ᠠᠰᠠᠭᠤᠨ ᠯᠠᠪᠯᠠᠬᠤ ᠵᠡᠷᠭᠡ ᠵᠦᠢᠯᠡᠰ ᠢ ᠬᠦᠢᠴᠡᠳᠬᠡᠵᠦ᠂ ᠵᠠᠯᠭᠠᠭᠠᠳ ᠵᠠᠮ ᠬᠠᠷᠢᠯᠴᠠᠭᠠᠨ ᠤ ᠬᠠᠮᠢᠶᠠᠷᠤᠯᠲᠠ᠂ ᠬᠢᠯᠢ ᠪᠠᠷ ᠣᠷᠣᠵᠤ ᠭᠠᠷᠬᠤ ᠵᠡᠷᠭᠡ ᠲᠤᠬᠠᠶᠢᠯᠠᠭᠰᠠᠨ ᠠᠵᠢᠯ ᠢ ᠨᠡᠪᠲᠡᠷᠡᠭᠦᠯᠬᠦ ᠶᠢᠨ ᠬᠠᠮᠲᠤ᠂ ᠪᠤᠰᠤᠳ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠴᠤᠩᠬᠤᠪᠴᠢ ᠲᠠᠢ ᠣᠶᠢᠷ᠎ᠠ ᠵᠠᠶ ᠠᠴᠠ ᠵᠣᠯᠭᠠᠭᠤᠯᠬᠤ ᠶᠢ ᠪᠡᠶᠡᠯᠡᠭᠦᠯᠵᠦ᠂ ᠣᠯᠠᠨ ᠲᠦᠮᠡᠨ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠦᠨ᠎ᠡ᠃ ︽ᠨᠢᠭᠡ ᠡᠭᠦᠳᠡ ᠪᠠᠷ ᠣᠷᠣᠵᠤ᠂ ᠵᠠᠭᠤᠨ ᠡᠷᠦᠬᠡ ᠶᠢᠨ ᠶᠠᠪᠤᠳᠠᠯ ᠢ ᠪᠦᠲᠦᠭᠡᠬᠦ︾᠎ ᠶᠢ ᠦᠨᠡᠨᠬᠦ ᠪᠡᠶᠡᠯᠡᠭᠦᠯᠵᠦ᠂ ᠣᠯᠠᠨ ᠲᠦᠮᠡᠨ ᠳᠤ ︽ᠨᠢᠭᠡ ᠥᠷᠲᠡᠭᠡᠨ ᠤ ᠮᠠᠶ᠋ᠢᠭ︾᠂ ︽ᠨᠢᠭᠡ ᠯᠡ ᠤᠳᠠᠭ᠎ᠠ ᠳᠤ ᠰᠠᠶᠢᠲᠤᠷ ᠬᠢᠬᠦ︾ ᠴᠢᠨᠠᠷ ᠰᠠᠶᠢᠲᠠᠶ ᠦᠢᠯᠡᠴᠢᠯᠡᠭᠡᠨ ᠬᠠᠩᠭᠠᠵᠤ᠂ ᠣᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ ᠨᠡᠪᠲᠡᠷᠡᠭᠦᠯᠬᠦ ᠶᠢ ᠦᠨᠡᠨᠬᠦ ᠪᠠᠲᠤᠯᠠᠨ᠎ᠠ᠃      ᠲᠠᠷᠠᠭ᠎ᠠ ᠠᠯᠬᠤᠮ ᠳᠤ᠂ ᠪᠠᠯᠭᠠᠰᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠨᠢ ᠦᠢᠯᠡᠴᠢᠯᠡᠭᠡᠨ ᠤ ᠵᠠᠭᠪᠤᠷ ᠢ ᠦᠷᠭᠦᠯᠵᠢᠯᠡᠨ ᠰᠦᠪᠡᠭᠴᠢᠯᠡᠵᠦ᠂ ᠦᠢᠯᠡᠴᠢᠯᠡᠭᠡᠨ ᠤ ᠬᠦᠴᠦᠨ ᠢ ᠳᠡᠭᠡᠭᠰᠢᠯᠡᠭᠦᠯᠵᠤ᠂ ᠠᠵᠢᠯ ᠤᠨ ᠲᠣᠭᠲᠠᠴᠠ ᠶᠢᠨ ᠰᠢᠨ᠎ᠡ ᠶᠢ ᠡᠭᠦᠳᠴᠦ᠂ ᠦᠢᠯᠡᠴᠢᠯᠡᠭᠡᠨ ᠤ ᠦᠵᠡᠯ ᠤᠬᠠᠮᠰᠠᠷ ᠢ ᠴᠢᠩᠭᠠᠷᠠᠭᠤᠯᠵᠤ᠂ ᠡᠬᠢ ᠪᠠᠶᠠᠯᠢᠭ ᠤᠨ ᠠᠭᠤᠰᠤᠯᠴᠠᠯ ᠢ ᠴᠢᠬᠤᠯᠠᠴᠢᠯᠠᠵᠤ᠂ ᠠᠵᠢᠯ ᠤᠨ ᠬᠠᠮᠲᠤᠷᠠᠯ ᠬᠦᠴᠦᠨ ᠢ ᠨᠢᠭᠲᠠᠷᠠᠭᠤᠯᠵᠤ᠂ ᠣᠯᠠᠨ ᠲᠦᠮᠡᠨ ᠳᠤ ᠨᠠᠩ ᠰᠠᠶᠢᠨ ᠢᠶᠠᠷ ᠴᠢᠨᠠᠷ ᠰᠠᠶᠢᠲᠠᠶ ᠥᠨᠳᠥᠷ ᠪᠦᠲᠦᠮᠵᠢᠲᠡᠶ ᠦᠢᠯᠡᠴᠢᠯᠡᠭᠡ ᠬᠠᠩᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号