| ᠤᠶᠢᠷ᠎ᠠ ᠳᠤ᠂ ᠪᠥᠬᠦ ᠬᠤᠲᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾ ᠤᠨ ᠵᠢᠱᠢᠶ᠎ᠡ ᠦᠵᠡᠭᠦᠯᠬᠦ | ᠴᠡᠭ ᠢ ᠫᠠᠶᠢᠰᠠ ᠡᠯᠭᠦᠬᠦ ᠶᠣᠰᠣᠯᠠᠯ ᠡᠵᠡᠨ ᠬᠤᠷᠤᠭ᠎ᠠ ᠬᠤᠰᠢᠭᠤᠨ ᠤ ᠬᠤᠨᠢᠴᠢᠨ ᠭᠤᠤᠯ ᠪᠠᠯᠭᠠᠰᠤᠨ ᠤ ᠲᠡᠭᠡᠭ ᠤᠨ | ᠰᠢᠯᠢ ᠲᠣᠰᠬᠤᠨ ᠤ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠭᠡᠰᠢᠭᠦᠨ ᠸᠠᠩ ᠬᠠᠶ ᠵᠢᠶᠦ᠋ᠨ᠂ ᠲᠡᠭᠡᠭ ᠤᠨ | ᠰᠢᠯᠢ ᠲᠣᠰᠬᠤᠨ ᠤ ᠳᠠᠭᠠᠭᠠᠴᠢᠯᠠᠯᠲᠠ ᠶᠢᠨ ᠤᠳᠤᠷᠢᠳᠤᠯᠭ᠎ᠠ᠂ ᠨᠠᠮ ᠣᠯᠠᠨ ᠲᠦᠮᠡᠨ ᠤ ᠦᠢᠯᠡᠴᠢᠯᠡᠭᠡᠨ ᠤ ᠲᠥᠪ ᠤᠨ | ᠪᠠᠶᠢᠩᠭᠤ ᠶᠢᠨ ᠳᠡᠳ᠋ ᠡᠷᠬᠢᠯᠡᠭᠴᠢ ᠯᠢ ᠢᠦᠶ ᠰᠢᠶᠠᠨ᠂ ᠲᠣᠰᠬᠤᠨ ᠤ ︽ᠬᠤᠶᠠᠷ ᠵᠥᠪᠯᠡᠯ︾ ᠵᠢᠴᠢ ᠬᠢᠨᠠᠨ | ᠪᠠᠶᠢᠴᠠᠭᠠᠬᠤ ᠵᠥᠪᠯᠡᠯ ᠤᠨ ᠪᠦᠷᠢᠯᠳᠦᠬᠦᠨ ᠫᠠᠶᠢᠰᠠ ᠡᠯᠭᠦᠬᠦ ᠶᠣᠰᠣᠯᠠᠯ ᠳᠤ ᠣᠷᠣᠯᠴᠠᠵᠤ᠂ ᠶᠣᠰᠣᠯᠠᠯ ᠢ ᠪᠠᠯᠭᠠᠰᠤᠨ ᠤ | ᠨᠠᠮ ᠤᠨ ᠬᠤᠷᠢᠶᠠᠨ ᠤ ᠭᠡᠰᠢᠭᠦᠨ᠂ ᠤᠬᠠᠭᠤᠯᠬᠤ ᠭᠡᠰᠢᠭᠦᠨ ᠯᠸᠢ ᠸᠧᠨ ᡁᠢ ᠡᠷᠭᠢᠯᠡᠪᠡ᠃ | ᠫᠠᠶᠢᠰᠠ ᠡᠯᠭᠦᠬᠦ ᠶᠣᠰᠣᠯᠠᠯ ᠳᠡᠭᠡᠷ᠎ᠡ᠂ ᠯᠢ ᠢᠦᠢ ᠰᠢᠶᠠᠨ ᠤᠷᠳᠤᠰ ᠬᠤᠳᠠ ᠶᠢᠨ ︽ᠬᠠᠮᠤᠭ ᠤᠨ ᠬᠦᠴᠦᠷᠬᠡᠭ | ᠨᠠᠮ ᠤᠨ ᠡᠭᠦᠷ︾ ᠤᠨ ᠵᠢᠱᠢᠶ᠎ᠡ ᠦᠵᠡᠭᠦᠯᠬᠦ ᠴᠡᠭ ᠤᠨ ᠲᠣᠭᠲᠠᠭᠠᠯ ᠢ ᠤᠩᠰᠢᠨ ᠨᠡᠶᠢᠲᠡᠯᠡᠭᠰᠡᠨ ᠪᠥᠭᠡᠳ ᠸᠠᠩ ᠬᠠᠢ | ᠵᠢᠶᠦ᠋ᠨ ᠨᠡᠷ ᠫᠠᠶᠢᠰᠠ ᠰᠡᠬᠦᠪᠡ᠃ ᠸᠠᠩ ᠬᠠᠢ ᠵᠢᠶᠦ᠋ᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ | ᠲᠥᠯᠥᠭᠡᠯᠡᠨ ᠲᠡᠭᠡᠭ ᠤᠨ ᠲᠣᠰᠬᠤᠨ ᠤ ᠨᠠᠮ ᠤᠨ ᠡᠭᠦᠷ ᠲᠤ ᠪᠠᠶᠠᠷ ᠬᠦᠷᠭᠡᠭᠰᠡᠨ ᠪᠥᠭᠡᠳ ᠭᠦᠢᠴᠡᠳ ᠨᠤᠲᠠᠯᠠᠪᠠ᠃ | ᠲᠡᠷᠡ ᠲᠡᠭᠡᠭ ᠤᠨ ᠲᠣᠰᠬᠤᠨ ᠤ ᠨᠠᠮ ᠤᠨ ᠡᠭᠦᠷ ᠢᠷᠠᠭᠤ ᠠᠯᠳᠠᠷ ᠢ ᠰᠢᠨ᠎ᠡ ᠭᠠᠷᠤᠭ᠎ᠠ ᠪᠠᠨ ᠪᠣᠯᠭᠠᠵᠤ᠂ | ᠦᠷᠬᠦᠯᠵᠢᠯᠡᠨ ᠴᠢᠷᠮᠠᠶᠢᠵᠤ᠂ ᠪᠣᠳᠠᠲᠠᠢ ᠶᠢ ᠡᠷᠬᠢᠮᠯᠡᠨ ᠰᠢᠨ᠎ᠡ ᠶᠢ ᠡᠭᠦᠳᠬᠦ᠂ ᠲᠡᠷᠢᠭᠦᠨ ᠤ ᠬᠢ ᠪᠣᠯᠬᠤ ᠪᠠᠷ ᠡᠷᠡᠯᠬᠡᠭᠯᠡᠨ | ᠲᠡᠮᠡᠴᠡᠬᠦ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠦᠷᠭᠦᠯᠵᠢᠯᠡᠨ ᠪᠠᠲᠤᠯᠠᠵᠤ᠂ ᠵᠣᠷᠢᠭᠲᠠᠢ ᠪᠠᠷ ᠤᠷᠤᠭᠰᠢᠯᠠᠨ | ᠲᠠᠪᠰᠢᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠮ ᠤᠨ ᠦᠨᠳᠦᠰᠦᠨ ᠱᠠᠲᠤᠨ ᠤ ᠵᠣᠬᠢᠶᠠᠨ | ᠪᠠᠶᠢᠭᠤᠯᠤᠯᠲᠠ ᠶᠢ ᠨᠠᠮ ᠤᠨ ᠵᠣᠷᠢᠯᠲᠠ ᠶᠢ ᠤᠬᠠᠭᠤᠯᠬᠤ᠂ ᠨᠠᠮ ᠤᠨ ᠲᠣᠭᠲᠠᠭᠠᠯ ᠢ ᠲᠤᠭᠤᠰᠢᠯᠠᠭᠤᠯᠬᠤ᠂ | ᠦᠨᠳᠦᠰᠦᠨ ᠱᠠᠲᠤᠨ ᠤ ᠵᠠᠰᠠᠯᠲᠠ ᠶᠢ ᠤᠳᠤᠷᠢᠳᠬᠤ᠂ ᠤᠯᠠᠨ ᠲᠦᠮᠡᠨ ᠢ ᠪᠦᠯᠬᠦᠮᠳᠡᠭᠦᠯᠦᠨ ᠳᠠᠶᠢᠴᠢᠯᠠᠬᠤ᠂ | ᠥᠭᠡᠷᠡᠴᠢᠯᠡᠯᠲᠡ ᠬᠥᠭᠵᠢᠯᠲᠡ ᠶᠢ ᠠᠬᠢᠭᠤᠯᠬᠤ ᠪᠠᠲᠤ ᠴᠢᠩᠭ᠎ᠠ ᠲᠠᠶᠢᠴᠢᠨ ᠪᠠᠬᠢᠯᠡᠯᠲᠡ ᠪᠣᠯᠭᠠᠨ ᠪᠠᠶᠢᠭᠤᠯᠬᠤ ᠪᠠᠷ | ᠴᠢᠷᠮᠠᠶᠢᠬᠤ ᠬᠡᠷᠡᠭᠲᠡᠢ ᠭᠡᠪᠡ᠃ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠤᠯᠠᠨ ᠲᠦᠮᠡᠨ ᠢ ᠵᠣᠬᠢᠶᠠᠨ | ᠪᠠᠶᠢᠭᠤᠯᠬᠤ᠂ ᠤᠯᠠᠨ ᠲᠦᠮᠡᠨ ᠢ ᠨᠢᠭᠲᠠᠷᠠᠭᠤᠯᠬᠤ᠂ ᠤᠯᠠᠨ ᠲᠦᠮᠡᠨ ᠳᠤ ᠤᠬᠠᠭᠤᠯᠬᠤ᠂ ᠤᠯᠠᠨ ᠲᠦᠮᠡᠨ ᠳᠤ | ᠦᠢᠯᠡᠴᠢᠯᠡᠬᠦ ᠲᠦᠰᠢᠭ ᠲᠤᠯᠭᠠᠭᠤᠷᠢ ᠪᠣᠯᠭᠠᠵᠤ᠂ ᠠᠷᠠᠳ ᠤᠯᠠᠨ ᠤ ᠠᠮᠤᠷ ᠲᠦᠪᠰᠢᠨ ᠤ ᠲᠦᠷᠦᠭᠳᠡᠯ᠂ ᠵᠣᠯ | ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ ᠢ ᠦᠨᠡᠨ ᠬᠦ ᠳᠡᠭᠡᠭᠰᠢᠯᠡᠭᠦᠯᠬᠦ ᠬᠡᠷᠡᠭᠲᠡᠢ᠃ | ᠸᠠᠩ ᠬᠠᠢ ᠵᠢᠶᠦ᠋ᠨ᠂ ︽ᠰᠠᠭᠤᠷᠢ ᠶᠢ ᠠᠳᠬᠤᠬᠤ᠂ ᠲᠦᠷᠦᠯ ᠳᠡᠮᠳᠡᠭ ᠢ ᠪᠤᠢ ᠪᠣᠯᠭᠠᠬᠤ᠂ ᠠᠮᠢᠵᠢᠷᠠᠯ ᠤᠨ | ᠬᠦᠴᠦᠨ ᠢ ᠨᠡᠮᠡᠭᠳᠡᠭᠦᠯᠬᠦ︾ ᠨᠠᠮ ᠤᠨ ᠪᠠᠶᠢᠭᠤᠯᠤᠯᠲᠠ ᠶᠢᠨ ᠠᠵᠢᠯ ᠤᠨ ᠰᠡᠳᠬᠢᠴᠡ ᠶᠣᠰᠣᠭᠠᠷ᠂ ᠬᠠᠮᠤᠭ ᠤᠨ | ᠬᠦᠴᠦᠷᠬᠡᠭ ᠨᠠᠮ ᠤᠨ ᠡᠭᠦᠷ ᠢ ᠡᠭᠦᠳᠦᠨ ᠪᠠᠶᠢᠭᠤᠯᠬᠤ ᠠᠵᠢᠯ ᠢ ᠦᠷᠭᠦᠯᠵᠢᠯᠡᠨ ᠥᠷᠨᠢᠭᠦᠯᠵᠦ᠂ ᠨᠠᠮ ᠤᠨ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠴᠡᠭ ᠢ ᠬᠦᠴᠦᠯᠡᠨ ᠴᠣᠭᠴᠠᠯᠠᠵᠤ᠂ ᠴᠡᠭ ᠢᠶᠠᠷ ᠨᠡᠶᠢᠳᠡᠮ ᠢ | ᠳᠠᠶᠢᠴᠢᠯᠠᠬᠤ ᠪᠠᠷ ᠬᠦᠴᠦᠯᠡᠨ ᠴᠢᠷᠮᠠᠶᠢᠵᠤ᠂ ᠦᠨᠳᠦᠰᠦᠨ ᠱᠠᠲᠤᠨ ᠤ ᠨᠠᠮ ᠤᠨ ᠡᠭᠦᠷ ᠤᠨ ᠲᠠᠶᠢᠴᠢᠨ ᠬᠦᠴᠦᠨ ᠢ | ᠪᠦᠬᠦ ᠲᠠᠯ᠎ᠠ ᠪᠠᠷ ᠳᠡᠭᠡᠭᠰᠢᠯᠡᠭᠦᠯᠵᠦ᠂ ᠬᠤᠨᠢᠴᠢᠨ ᠭᠤᠣᠯ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠴᠢᠨᠠᠷ ᠰᠠᠶᠢᠲᠠᠢ ᠬᠥᠭᠵᠢᠯᠲᠡ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ᠬᠠᠩᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ | ᠬᠤᠷᠠᠯᠳᠤᠬᠤ ᠶᠢ ᠤᠭᠲᠤᠬᠤ ᠬᠡᠷᠡᠭᠲᠡᠢ ᠭᠡᠵᠦ ᠴᠢᠬᠤᠯᠠᠴᠢᠯᠠᠪᠠ᠃ |