ᠡᠵᠡᠨ ᠬᠤᠷᠤᠭ᠎ᠠ ᠬᠤᠰᠢᠭᠤᠨ ᠤ ᠡᠵᠡᠨ ᠬᠤᠷᠤᠭ᠎ᠠ ᠪᠠᠯᠭᠠᠰᠤᠨ ᠤ ᠪᠤᠯᠠᠭ ᠭᠠᠴᠠᠭᠠᠨ ᠤ ᠨᠠᠮ ᠤᠨ ᠡᠭᠦᠷ ᠤᠨ ᠬᠤᠲᠠ ᠶᠢᠨ ᠱᠠᠲᠤᠨ ᠤ ︽ᠬᠠᠮᠤᠭ ᠤᠨ ᠬᠦᠴᠦᠷᠬᠡᠭ ᠨᠠᠮ ᠤᠨ ᠡᠭᠦᠷ︾᠎ ᠤᠨ ᠵᠢᠱᠢᠶ᠎ᠡ ᠦᠵᠡᠭᠦᠯᠬᠦ ᠴᠡᠭ ᠢ ᠵᠢᠩᠬᠢᠨᠢ ᠪᠠᠷ ᠫᠠᠶᠢᠰᠠ ᠡᠯᠭᠦᠨ ᠨᠡᠷᠡᠶᠢᠳᠪᠡ
ᠨᠡᠶᠢᠲᠡᠯᠡᠭᠰᠡᠨ ᠴᠠᠭ᠄
2022/7/22
     ᠣᠷᠳᠣᠰ ᠬᠤᠲᠠ ᠶᠢᠨ ︽ᠬᠠᠮᠤᠭ ᠤᠨ ᠬᠦᠴᠦᠷᠬᠡᠭ ᠨᠠᠮ ᠤᠨ ᠡᠭᠦᠷ︾᠎ ᠤᠨ ᠵᠢᠱᠢᠶ᠎ᠡ ᠦᠵᠡᠭᠦᠯᠬᠦ ᠴᠡᠭ ᠢ ᠫᠠᠶᠢᠰᠠ ᠡᠯᠭᠦᠬᠦ ᠶᠣᠰᠣᠯᠠᠯ ᠡᠵᠡᠨ ᠬᠤᠷᠤᠭ᠎ᠠ ᠪᠠᠯᠭᠠᠰᠤᠨ ᠤ ᠪᠤᠯᠠᠭ ᠭᠠᠴᠠᠭ᠎ᠠ ᠶᠢᠨ ᠨᠠᠮ ᠪᠠ ᠣᠯᠠᠨ ᠲᠦᠮᠡᠨ ᠤ ᠦᠢᠯᠡᠴᠢᠯᠡᠭᠡᠨ ᠤ ᠲᠥᠪ ᠲᠤ ᠶᠠᠪᠤᠭᠳᠠᠪᠠ᠃ ᠡᠵᠡᠨ ᠬᠤᠷᠤᠭ᠎ᠠ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠩ ᠶᠠᠨ᠂ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠭᠡᠷᠡᠯᠲᠦ᠂ ᠪᠤᠯᠠᠭ ᠭᠠᠴᠠᠭᠠᠨ ᠤ ︽ᠬᠤᠶᠠᠷ ᠵᠥᠪᠯᠡᠯ︾ ᠵᠢᠴᠢ ᠬᠢᠨᠠᠨ ᠪᠠᠶᠢᠴᠠᠭᠠᠬᠤ ᠵᠥᠪᠯᠡᠯ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠶᠢᠨ ᠪᠥᠬᠦ ᠪᠦᠷᠢᠯᠳᠦᠬᠦᠨ ᠶᠣᠰᠣᠯᠠᠯ ᠳᠤ ᠣᠷᠣᠯᠴᠠᠪᠠ᠃ ᠵᠠᠰᠠᠭ ᠤᠨ ᠣᠷᠳᠣᠨ ᠤ ᠳᠡᠳ᠋ ᠪᠠᠯᠭᠠᠰᠤᠨ ᠳᠠᠷᠤᠭ᠎ᠠ ᠭᠡᠷᠡᠯᠲᠦ ᠶᠣᠰᠣᠯᠠᠯ ᠢ ᠡᠷᠭᠢᠯᠡᠪᠡ᠃      ᠫᠠᠶᠢᠰᠠ ᠣᠯᠭᠤᠬᠤ ᠶᠣᠰᠣᠯᠠᠯ ᠳᠡᠭᠡᠷ᠎ᠡ ᠪᠠᠯᠭᠠᠰᠤᠨ ᠤ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ ᠶᠠᠩ ᠶᠠᠨ ︽ᠬᠤᠲᠠ ᠶᠢᠨ ᠱᠠᠲᠤᠨ ᠤ ︿ᠬᠠᠮᠤᠭ ᠤᠨ ᠬᠦᠴᠦᠷᠬᠡᠭ ᠨᠠᠮ ᠤᠨ ᠡᠭᠦᠷ﹀᠎ ᠤᠨ ᠵᠢᠱᠢᠶ᠎ᠡ ᠦᠵᠡᠭᠦᠯᠬᠦ ᠴᠡᠭ ᠪᠠ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠦᠨᠡᠯᠡᠨ ᠲᠣᠭᠲᠠᠭᠠᠬᠤ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠣᠷᠳᠣᠰ ᠬᠤᠲᠠ ᠶᠢᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ ᠵᠠᠷᠯᠠᠯ︾᠎ ᠢ ᠤᠩᠰᠢᠨ ᠨᠡᠶᠢᠲᠡᠯᠡᠭᠰᠡᠨ ᠪᠥᠭᠡᠳ ᠪᠤᠯᠠᠭ ᠭᠠᠴᠠᠭᠠᠨ ᠤ ᠨᠠᠮ ᠤᠨ ᠡᠭᠦᠷ ᠤᠨ ᠱᠦᠵᠢ ᠰᠡᠷᠬᠦᠯᠡᠩ ᠲᠠᠢ ᠬᠠᠮᠲᠤ ᠪᠠᠷ ᠫᠠᠶᠢᠰᠠ ᠰᠡᠬᠦᠪᠡ᠃      ᠰᠡᠷᠬᠦᠯᠡᠩ ᠢᠯᠡᠷᠬᠡᠶᠢᠯᠡᠬᠦ ᠳᠡᠭᠡᠨ᠂ ᠪᠤᠯᠠᠭ ᠭᠠᠴᠠᠭᠠᠨ ᠤ ᠨᠠᠮ ᠤᠨ ᠡᠭᠦᠷ ᠳᠡᠭᠡᠳᠦ ᠱᠠᠲᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠵᠥᠪ ᠤᠨᠤᠪᠴᠢᠳᠠᠢ ᠤᠳᠤᠷᠢᠳᠤᠯᠭ᠎ᠠ ᠳᠤᠤᠷ᠎ᠠ᠂ ᠲᠣᠰ ᠤᠳᠠᠭᠠᠨ ᠤ ᠢᠷᠠᠭᠤ ᠠᠯᠳᠠᠷ ᠢᠶᠠᠷ ᠰᠢᠨ᠎ᠡ ᠭᠠᠷᠤᠭ᠎ᠠ ᠪᠣᠯᠭᠠᠵᠤ᠂ ᠨᠠᠮ ᠤᠨ ᠪᠠᠶᠢᠭᠤᠯᠤᠯᠲᠠ ᠶᠢᠨ ᠭᠤᠤᠯᠳᠠᠯᠭ᠎ᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠶ ᠱᠠᠭᠠᠷᠳᠠᠯᠭ᠎ᠠ ᠪᠣᠯᠤᠨ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠤᠬᠠᠮᠰᠠᠷ ᠠᠴᠠ ᠪᠠᠨ ᠦᠢᠯᠡᠳᠦᠯᠭᠡᠵᠢᠭᠦᠯᠵᠦ᠂ ᠤᠯᠤᠰ ᠲᠥᠷᠥ ᠶᠢ ᠬᠦᠴᠦᠷᠬᠡᠭᠵᠢᠭᠦᠯᠬᠦ᠂ ᠰᠤᠷᠲᠠᠯ ᠢ ᠬᠦᠴᠦᠷᠬᠡᠭᠵᠢᠭᠦᠯᠬᠦ᠂ ᠵᠠᠰᠠᠯᠲᠠ ᠶᠢ ᠴᠢᠩᠭᠠᠳᠬᠠᠬᠤ ᠪᠠ ᠡᠭᠦᠷᠭᠡ ᠴᠢᠳᠠᠪᠬᠢ ᠶᠢ ᠰᠢᠯᠢᠳᠡᠭᠵᠢᠭᠦᠯᠬᠦ᠂ ᠡᠩᠨᠡᠭᠡ ᠶᠢ ᠰᠢᠯᠢᠳᠡᠭᠵᠢᠭᠦᠯᠬᠦ᠂ ᠪᠠᠲᠤᠯᠠᠭ᠎ᠠ ᠶᠢ ᠰᠢᠯᠢᠳᠡᠭᠵᠢᠭᠦᠯᠬᠦ ᠪᠠᠷ ᠬᠠᠷᠠᠯᠲᠠ ᠪᠣᠯᠭᠠᠵᠤ᠂ ᠨᠠᠮ ᠤᠨ ᠵᠣᠬᠢᠶᠠᠨ ᠪᠠᠶᠢᠭᠤᠯᠤᠯᠲᠠ ᠶᠢ ᠦᠨᠡᠨ ᠬᠦ ᠣᠯᠠᠨ ᠲᠦᠮᠡᠨ ᠢ ᠵᠣᠬᠢᠶᠠᠨ ᠪᠠᠶᠢᠭᠤᠯᠬᠤ᠂ ᠣᠯᠠᠨ ᠲᠦᠮᠡᠨ ᠢ ᠨᠢᠭᠲᠠᠷᠠᠭᠤᠯᠬᠤ᠂ ᠣᠯᠠᠨ ᠲᠦᠮᠡᠨ ᠳᠤ ᠤᠬᠠᠭᠤᠯᠬᠤ᠂ ᠣᠯᠠᠨ ᠲᠦᠮᠡᠨ ᠳᠤ ᠦᠢᠯᠡᠴᠢᠯᠡᠬᠦ ᠲᠦᠰᠢᠭ ᠲᠤᠯᠭᠠᠭᠤᠷᠢ ᠪᠣᠯᠭᠠᠬᠤ ᠪᠠᠷ ᠴᠢᠷᠮᠠᠶᠢᠨ᠎ᠠ ᠭᠡᠪᠡ᠃      ᠶᠠᠩ ᠶᠠᠨ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠵᠦ᠂ ᠪᠤᠯᠠᠭ ᠭᠠᠴᠠᠭᠠᠨ ᠤ ᠨᠠᠮ ᠤᠨ ᠡᠭᠦᠷ ᠲᠤ ᠬᠠᠯᠠᠭᠤᠨ ᠪᠠᠶᠠᠷ ᠬᠦᠷᠭᠡᠵᠦ᠂ ᠣᠯᠠᠨ ᠢᠶᠠᠷ ᠢᠶᠠᠨ ᠪᠣᠳᠠᠲᠠᠶ ᠶᠢ ᠡᠷᠬᠢᠮᠯᠡᠨ ᠰᠢᠨ᠎ᠡ ᠶᠢ ᠡᠭᠦᠳᠬᠦ ᠶᠢ ᠦᠷᠭᠦᠯᠵᠢᠯᠡᠨ ᠪᠠᠲᠤᠯᠠᠬᠤ ᠬᠡᠷᠡᠭᠲᠡᠶ ᠭᠡᠵᠦ ᠵᠣᠷᠢᠭᠵᠢᠭᠤᠯᠪᠠ᠂ ᠲᠡᠷᠢᠭᠦᠨ ᠵᠡᠷᠭᠡ ᠶᠢᠨ ᠣᠶᠤᠨ ᠰᠠᠨᠠᠭᠠᠨ ᠤ ᠳᠦᠷᠰᠦ ᠪᠠᠶ᠋ᠳᠠᠯ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠳᠠᠶᠢᠴᠢᠨ ᠪᠠᠬᠢᠯᠡᠯᠲᠡ ᠶᠢᠨ ᠦᠢᠯᠡᠳᠦᠯ ᠢ ᠪᠥᠬᠦ ᠲᠠᠯ᠎ᠠ ᠪᠠᠷ ᠪᠠᠬᠢᠵᠢᠭᠦᠯᠵᠤ᠂ ︽ᠨᠠᠮ ᠤᠨ ᠪᠠᠶᠢᠭᠤᠯᠤᠯᠲᠠ ᠶᠢ ᠠᠳᠬᠤᠵᠤ ᠰᠡᠷᠭᠦᠨ ᠮᠠᠨᠳᠤᠯᠲᠠ ᠶᠢ ᠠᠬᠢᠭᠤᠯᠬᠤ᠂ ᠵᠢᠱᠢᠶ᠎ᠡ ᠦᠵᠡᠭᠦᠯᠬᠦ ᠪᠠᠷ ᠪᠥᠬᠦ ᠲᠠᠯ᠎ᠠ ᠶᠢ ᠳᠠᠶᠢᠴᠢᠯᠠᠬᠤ︾ ᠰᠠᠶᠢᠨ ᠰᠠᠶᠢᠬᠠᠨ ᠠᠵᠢᠯ ᠤᠨ ᠪᠠᠶᠢᠳᠠᠯ᠂ ᠨᠠᠮ ᠤᠨ ᠤᠯᠤᠰ ᠲᠦᠷᠦ ᠶᠢᠨ ᠳᠠᠪᠠᠭᠤᠯᠢᠭ ᠪᠠ ᠵᠣᠬᠢᠶᠠᠨ ᠪᠠᠶᠢᠭᠤᠯᠤᠯᠲᠠ ᠶᠢᠨ ᠳᠠᠪᠠᠭᠤᠯᠢᠭ ᠢ ᠦᠨᠡᠨ ᠬᠦ ᠡᠯ᠎ᠡ ᠵᠦᠢᠯ ᠤᠨ ᠠᠵᠢᠯ ᠤᠨ ᠡᠭᠦᠷᠭᠡ ᠶᠢ ᠪᠡᠶᠡᠯᠡᠭᠦᠯᠬᠦ ᠬᠦᠴᠦᠷᠬᠡᠭ ᠶᠡᠭᠡ ᠬᠦᠴᠦᠨ ᠪᠣᠯᠭᠠᠨ ᠬᠤᠪᠢᠷᠠᠭᠤᠯᠵᠤ᠂ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠰᠢᠨ᠎ᠡ ᠳᠡᠭᠲᠡᠷ ᠲᠤ ᠭᠠᠷᠬᠤ ᠶᠢ ᠢᠳᠡᠪᠬᠢᠲᠡᠢ ᠠᠬᠢᠭᠤᠯᠤᠨ᠂ ᠨᠠᠩ ᠰᠢᠯᠢᠳᠡᠭ ᠬᠢᠷᠢ ᠪᠦᠲᠦᠮᠵᠢ ᠪᠠᠷ᠂ ᠨᠠᠩ ᠣᠷᠭᠢᠯᠤᠮ᠎ᠠ ᠬᠠᠯᠠᠭᠤᠨ ᠰᠡᠳᠬᠢᠯᠭᠡ᠂ ᠨᠠᠩ ᠴᠤᠭ ᠪᠠᠳᠠᠷᠠᠩᠭᠤᠶ ᠲᠡᠮᠡᠴᠡᠯ ᠤᠨ ᠵᠣᠷᠢᠭ ᠪᠠ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠨᠠᠮ ᠤᠨ ᠬᠤᠷᠢᠳᠤᠭᠠᠷ ᠶᠡᠭᠡ ᠬᠤᠷᠠᠯ ᠤᠨ ᠢᠯᠠᠯᠲᠠ ᠲᠠᠢ ᠪᠠᠷ ᠬᠤᠷᠠᠯᠳᠤᠬᠤ ᠶᠢ ᠤᠭᠲᠤᠶ᠎ᠠ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号