ᠯᠢ ᠯᠢ ᠡᠵᠡᠨ ᠬᠤᠷᠤᠭ᠎ᠠ ᠬᠤᠰᠢᠭᠤᠨ ᠳᠤ ᠬᠦᠷᠴᠦ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠤᠪᠠ
ᠨᠡᠶᠢᠲᠡᠯᠡᠭᠰᠡᠨ ᠴᠠᠭ᠄
2022/7/22
    7 ᠳ᠋ᠤᠭᠠᠷ ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠲᠤᠬᠠᠶ ᠶᠢᠨ ᠲᠠᠯᠠᠪᠠᠶ ᠳᠤ ᠭᠥᠯᠢᠶᠡᠨ ᠠᠪᠴᠤ᠂ ᠣᠯᠠᠨ ᠲᠦᠮᠡᠨ ᠤ ᠬᠠᠮᠢᠶ᠎ᠠ ᠪᠥᠬᠦᠶ ᠬᠦᠰᠡᠯ ᠱᠠᠭᠠᠷᠳᠠᠯᠭ᠎ᠠ ᠶᠢ ᠨᠠᠷᠢᠨ ᠬᠢᠨᠠᠮᠠᠭᠠᠶ ᠰᠣᠨᠣᠰᠴᠤ᠂ ᠵᠠᠬᠢᠳᠠᠯ ᠰᠤᠷᠪᠤᠯᠵᠢᠯᠠᠯ ᠤᠨ ᠵᠦᠢᠯᠡᠰ ᠢ ᠨᠠᠷᠢᠨ ᠣᠶᠢᠯᠠᠭᠠᠵᠤ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠲᠤᠬᠠᠶ ᠶᠢᠨ ᠭᠠᠵᠠᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠬᠠᠮᠲᠤ ᠠᠰᠠᠭᠤᠳᠠᠯ ᠢ ᠵᠠᠳᠠᠯᠵᠤ᠂ ᠰᠢᠢᠳᠪᠦᠷᠢᠯᠡᠬᠦ ᠠᠷᠭ᠎ᠠ ᠶᠢ ᠰᠤᠳᠤᠯᠵᠤ᠂ ᠬᠤᠯᠪᠣᠭᠳᠠᠯ ᠪᠥᠬᠦᠶ ᠰᠠᠯᠠᠭ᠎ᠠ ᠮᠥᠴᠢᠷ ᠢ ᠮᠥᠷᠳᠡᠨ ᠰᠢᠮᠳᠠᠭᠤᠯᠤᠨ ᠭᠦᠢᠴᠡᠳᠬᠡᠬᠦ ᠪᠠᠨ ᠴᠢᠩᠭᠠᠳᠬᠠᠵᠤ ᠂ ᠰᠤᠷᠪᠤᠯᠵᠢᠯᠠᠯ ᠤᠨ ᠦᠷ᠎ᠡ ᠪᠦᠲᠦᠮᠵᠢ ᠳᠤ ᠴᠠᠭ ᠲᠤᠬᠠᠶ ᠳᠤᠨᠢ ᠬᠠᠷᠢᠭᠤ ᠥᠭᠴᠦ᠂ ᠠᠰᠠᠭᠤᠳᠠᠯ ᠢ ᠴᠠᠭ ᠲᠤᠬᠠᠶ ᠳᠤᠨᠢ ᠰᠢᠢᠳᠪᠦᠷᠢᠯᠡᠬᠦ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃
    7 ᠳ᠋ᠣᠭᠠᠷ ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤᠨ ᠤ ᠵᠠᠬᠢᠳᠠᠯ ᠰᠤᠷᠪᠤᠯᠵᠢᠯᠠᠯ ᠤᠨ ᠲᠣᠪᠴᠢᠶ᠎ᠠ ᠳᠤ ᠬᠦᠷᠴᠦ᠂ ᠰᠤᠷᠪᠤᠯᠵᠢᠯᠠᠯ ᠬᠢᠬᠦ ᠪᠠᠷ ᠢᠷᠡᠭᠰᠡᠨ ᠣᠯᠠᠨ ᠲᠦᠮᠡᠨ ᠢ ᠲᠤᠬᠠᠶ ᠶᠢᠨ ᠲᠠᠯᠠᠪᠠᠶ ᠳᠤ ᠭᠥᠯᠢᠶᠡᠨ ᠠᠪᠤᠪᠠ᠃      ᠯᠢ ᠯᠢ᠂ ᠤᠯᠠᠨ ᠲᠦᠮᠡᠨ ᠤ ᠠᠰᠢᠭ ᠲᠤᠰᠠ ᠳᠤ ᠪᠠᠭ᠎ᠠ ᠶᠠᠪᠤᠳᠠᠯ ᠭᠡᠵᠦ ᠪᠠᠶᠢᠬᠤ ᠦᠭᠡᠢ᠂ ᠶᠡᠷᠦᠩᠬᠡᠢ ᠱᠦᠵᠢ ᠰᠢ ᠶᠢᠨ ᠫᠢᠩ ᠤᠨ ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠂ ᠰᠡᠳᠬᠢᠯ ᠰᠡᠳᠬᠢᠯ ᠢᠶᠠᠨ ᠮᠡᠳᠡᠯᠴᠡᠵᠦ᠂ ᠪᠠᠶᠢᠷᠢ ᠪᠠᠨ ᠰᠤᠯᠢᠨ ᠰᠡᠳᠬᠢᠵᠦ᠂ ᠢᠮᠠᠭᠲᠠ ᠤᠯᠠᠨ ᠲᠦᠮᠡᠨ ᠤ ᠠᠰᠠᠭᠤᠳᠠᠯ ᠢ ᠪᠣᠳᠣᠯᠬᠢᠯᠠᠨ ᠰᠢᠢᠳᠪᠦᠷᠢᠯᠡᠵᠦ᠂ ᠤᠯᠠᠨ ᠲᠦᠮᠡᠨ ᠤ ᠶᠠᠪᠤᠳᠠᠯ ᠢ ᠥᠪᠡᠷ ᠤᠨ ᠶᠠᠪᠤᠳᠠᠯ ᠢᠶᠠᠨ ᠪᠣᠯᠭᠠᠨ ᠰᠢᠢᠳᠪᠦᠷᠢᠯᠡᠵᠦ᠂ ᠠᠵᠢᠯ ᠢᠶᠠᠨ ᠤᠯᠠᠨ ᠲᠦᠮᠡᠨ ᠤ ᠰᠡᠳᠬᠢᠯ ᠳᠤ ᠰᠠᠭᠤᠭᠳᠠᠭᠤᠯᠬᠤ ᠬᠡᠷᠡᠭᠲᠡᠢ᠃ ᠠᠷᠠᠳ ᠲᠤ ᠲᠦᠬᠦᠮ ᠦᠵᠡᠭᠦᠯᠬᠦ ᠤᠳᠤᠷᠢᠳᠤᠮᠵᠢ ᠶᠢ ᠳᠤᠪᠤᠶᠢᠯᠭᠠᠵᠦ᠂ ᠴᠠᠭ ᠪᠠ ᠪᠠᠶᠢᠳᠠᠯ ᠳᠤ ᠲᠤᠬᠢᠷᠠᠭᠤᠯᠤᠨ ᠲᠦᠷᠦ ᠶᠢᠨ ᠪᠤᠳᠤᠯᠭ᠎ᠠ ᠪᠠᠨ ᠰᠢᠯᠢᠳᠡᠭᠵᠢᠭᠦᠯᠦᠨ ᠲᠤᠬᠢᠷᠠᠭᠤᠯᠵᠤ᠂ ᠤᠯᠠᠨ ᠲᠦᠮᠡᠨ ᠤ ᠰᠠᠨᠠᠭᠠᠰᠢᠷᠠᠵᠤ ᠪᠠᠶᠢᠭ᠎ᠠ ᠶᠠᠪᠤᠳᠠᠯ ᠢ ᠰᠡᠳᠬᠢᠯ ᠲᠠᠯᠪᠢᠨ ᠬᠦᠴᠦ ᠣᠷᠣᠭᠤᠯᠤᠨ ᠰᠠᠶᠢᠲᠤᠷ ᠰᠢᠢᠳᠪᠦᠷᠢᠯᠡᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷᠵᠢᠭᠦᠯᠬᠦ ᠬᠡᠷᠡᠭᠲᠡᠢ ᠬᠡᠪᠡ᠃     ᠬᠤᠲᠠ ᠶᠢᠨ ᠤᠳᠤᠷᠢᠳᠤᠯᠭ᠎ᠠ ᠵᠠᠩ ᠸᠧᠶ᠂ ᠬᠤᠸᠠ ᠷᠦᠢ ᠹᠧᠩ᠂ ᠭᠤᠤ ᠸᠧᠨ ᠾᠧ  ᠰᠤᠷᠪᠤᠯᠵᠢᠯᠠᠯ ᠳᠤ ᠣᠷᠣᠯᠴᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号