ᠯᠢ ᠯᠢ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2022/7/22
    7 ᠳ᠋ᠤᠭᠠᠷ ᠰᠠᠷ᠎ᠠ ᠶᠢᠨ 19᠎ ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠯᠢ ᠯᠢ ᠡᠵᠡᠨ ᠬᠤᠷᠤᠭ᠎ᠠ ᠬᠤᠰᠢᠭᠤᠨ ᠳᠤ ᠬᠦᠷᠴᠦ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠢ ᠪᠠᠶᠢᠴᠠᠭᠠᠨ ᠰᠤᠳᠤᠯᠵᠤ᠂ ᠬᠤᠲᠠ ᠶᠢᠨ ᠤᠳᠤᠷᠢᠳᠤᠯᠭ᠎ᠠ ᠵᠠᠩ ᠸᠧᠶ᠂ ᠬᠤᠸᠠ ᠷᠦᠢ ᠹᠧᠩ᠂ ᠡᠷᠳᠡᠨᠢᠪᠢᠯᠢᠭ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃     ᠯᠢ ᠯᠢ ᠤᠷᠢᠳ ᠬᠤᠵᠢᠳ ᠣᠷᠳᠣᠰ ᠤᠨ ᠤᠯᠠᠭᠠᠨ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠦᠷᠢᠶᠡᠯᠡᠩ ᠤᠨ ᠲᠥᠷᠥᠯ ᠵᠦᠢᠯ᠂ ᠮᠧᠩ ᠲᠠᠢ ᠬᠥᠳᠡᠭᠡ ᠲᠣᠰᠬᠤᠨ ᠤ ᠶᠡᠷᠦᠩᠬᠡᠶᠢᠯᠡᠭᠰᠡᠨ ᠴᠣᠭᠴᠠ ᠶᠢᠨ ᠲᠥᠷᠥᠯ ᠵᠦᠢᠯ ᠤᠨ ᠲᠤᠬᠠᠶ ᠶᠢᠨ ᠲᠠᠯᠠᠪᠠᠶ ᠳᠤ ᠬᠦᠷᠴᠦ᠂ ᠲᠥᠷᠥᠯ  ᠵᠦᠢᠯ ᠤᠨ ᠲᠥᠯᠥᠪᠵᠢᠭᠦᠯᠭᠡ᠂ ᠪᠥᠲᠥᠭᠡᠨ ᠪᠠᠶᠢᠭᠤᠯᠤᠯᠲᠠ ᠶᠢᠨ ᠬᠡᠪᠴᠢᠶ᠎ᠡ᠂ ᠪᠠᠷᠢᠯᠭ᠎ᠠ ᠶᠢᠨ ᠠᠬᠢᠴᠠ ᠵᠢᠴᠢ ᠮᠠᠯᠴᠢᠨ ᠲᠠᠷᠢᠶᠠᠴᠢᠨ ᠢ ᠳᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠬᠡᠯᠡᠬᠦ ᠳᠡᠭᠡᠨ᠂ ᠡᠬᠢ ᠪᠠᠶᠠᠯᠢᠭ ᠤᠨ ᠳᠠᠪᠠᠭᠤᠯᠢᠭ ᠪᠠ ᠰᠠᠭᠤᠷᠢᠰᠢᠯ ᠤᠨ ᠨᠥᠬᠦᠴᠡᠯ ᠳᠤ ᠰᠠᠭᠤᠷᠢᠯᠠᠨ᠂ ᠰᠣᠳᠣᠨ ᠪᠦᠲᠦᠭᠡᠯ ᠤᠨ ᠤᠬᠠᠮᠰᠠᠷ ᠢ ᠪᠠᠲᠤ ᠪᠣᠶ ᠪᠣᠯᠭᠠᠵᠤ᠂ ᠪᠠᠶᠢᠷᠢ ᠰᠣᠯᠪᠢᠴᠠᠨ ᠬᠥᠭᠵᠢᠬᠦ ᠶᠢ ᠴᠢᠩᠭᠠᠳᠬᠠᠨ᠂ ᠤᠨᠴᠠᠯᠢᠬᠳᠤ ᠲᠥᠷᠥᠯ ᠲᠡᠮᠳᠡᠭ ᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠶᠢᠨ ᠣᠳᠣᠬᠢᠴᠢᠯᠠᠯᠲᠠ ᠶᠢᠨ ᠲᠦᠪᠰᠢᠨ ᠢ ᠠᠯᠬᠤᠮ ᠠᠯᠬᠤᠮ ᠢᠶᠠᠷ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃ ᠪᠦᠳᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠤᠷᠢᠳᠴᠢᠯᠠᠨ ᠠᠷᠭ᠎ᠠ ᠰᠦᠪᠡᠭᠴᠢᠯᠡᠵᠦ ᠂ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠵᠤ᠂ ᠲᠦᠷᠦᠯ ᠵᠦᠢᠯ ᠢ ᠲᠦᠷᠭᠡᠨ ᠪᠠᠶᠢᠭᠤᠯᠵᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ᠃ ᠮᠠᠯᠴᠢᠨ ᠲᠠᠷᠢᠶᠠᠴᠢᠨ ᠪᠣᠯᠤᠨ ᠠᠵᠤ ᠠᠬᠤᠶᠢᠯᠠᠯ ᠤᠨ ᠠᠰᠢᠭ ᠲᠤᠰᠠ ᠶᠢᠨ ᠬᠤᠯᠪᠣᠭᠠᠨ ᠤ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠴᠡᠭ ᠢᠶᠠᠷ ᠪᠦᠬᠦ ᠲᠠᠯ᠎ᠠ ᠶᠢ ᠳᠠᠶᠢᠴᠢᠯᠠᠵᠤ᠂ ᠵᠢᠱᠢᠶ᠎ᠡ ᠦᠵᠡᠭᠦᠯᠦᠨ ᠬᠥᠲᠥᠯᠥᠨ ᠳᠠᠭᠠᠭᠤᠯᠵᠤ᠂ ᠮᠠᠯᠴᠢᠨ ᠲᠠᠷᠢᠶᠠᠴᠢᠨ ᠢ ᠠᠵᠤ ᠦᠢᠯᠡᠰ ᠤᠨ ᠬᠡᠯᠬᠢᠶ᠎ᠡ ᠳᠤ ᠣᠷᠣᠭᠤᠯᠵᠤ᠂ ᠠᠵᠤ ᠦᠢᠯᠡᠰ ᠤᠨ ᠬᠥᠭᠵᠢᠯᠲᠡ ᠶᠢᠨ ᠠᠰᠢᠭ ᠢ ᠬᠠᠮᠲᠤ ᠪᠠᠷ ᠡᠳ᠋ᠯᠡᠬᠦ ᠬᠡᠷᠡᠭᠲᠡᠶ ᠬᠡᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号