| 5 ᠳ᠋ᠤᠭᠠᠷ ᠰᠠᠷ᠎ᠠ ᠶᠢᠨ 24 ᠤ ᠡᠳᠦᠷ᠂ ᠰᠤᠪᠤᠷᠭ᠎ᠠ ᠪᠠᠯᠭᠠᠰᠤ ᠭᠤᠤᠯᠳᠠᠯᠭ᠎ᠠ ᠲᠠᠢ ᠠᠵᠢᠯ ᠤᠨ | ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠰᠢᠤᠸᠠᠢ ᠵᠧᠨ | ᠢᠦᠶ᠂ ᠨᠠᠮ ᠤᠨ ᠬᠤᠷᠢᠶᠠᠨ ᠤ ᠭᠡᠰᠢᠭᠦᠨ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠡᠷᠢᠭᠦᠯᠡᠭᠴᠢ | ᠸᠠᠩ ᠰᠢᠨ ᠢ ᠵᠢᠴᠢ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠠᠵᠢᠯ ᠢ ᠳᠠᠭᠠᠭᠠᠴᠢᠯᠠᠭᠰᠠᠨ | ᠤᠳᠤᠷᠢᠳᠤᠯᠭ᠎ᠠ᠂ ᠨᠠᠮ ᠤᠨ ᠡᠭᠦᠷ ᠤᠨ ᠱᠦᠵᠢ ᠨᠡᠷ ᠬᠤᠷᠠᠯ ᠳᠤ ᠣᠷᠣᠯᠴᠠᠪᠠ᠃ ᠪᠠᠯᠭᠠᠰᠤᠨ ᠤ ᠨᠠᠮ ᠤᠨ | ᠬᠤᠷᠢᠶᠠᠨ ᠤ ᠳᠡᠳ᠋ ᠱᠦᠵᠢ᠂ ᠪᠠᠯᠭᠠᠰᠤᠨ ᠤ ᠳᠠᠷᠤᠭ᠎ᠠ ᠬᠠᠶᠢᠷ᠎ᠠ ᠬᠤᠷᠠᠯ ᠢ ᠡᠷᠭᠢᠯᠡᠪᠡ᠃ | ᠬᠤᠷᠠᠯ ᠳᠡᠭᠡᠷ᠎ᠡ᠂ ᠳᠡᠳ᠋ ᠪᠠᠯᠭᠠᠰᠤᠨ ᠳᠠᠷᠤᠭ᠎ᠠ ᠯᠢᠦ ᠬᠠᠶ ᠯᠢᠶᠠᠩ ᠳᠡᠭᠡᠳᠦ ᠱᠠᠲᠤᠨ ᠤ ᠵᠠᠰᠠᠭ ᠤᠨ | ᠣᠷᠳᠣᠨ ᠤ ᠤᠰᠤᠨ ᠤ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ ᠲᠣᠪᠤᠶᠢᠮ᠎ᠠ ᠠᠰᠠᠭᠤᠳᠠᠯ ᠳᠤ ᠲᠥᠰᠦᠯ ᠢᠶᠠᠷ | ᠥᠭᠡᠷᠡᠴᠢᠯᠡᠯᠲᠡ ᠶᠢ ᠠᠬᠢᠭᠤᠯᠬᠤ ᠠᠵᠢᠯ ᠤᠨ ᠲᠥᠰᠦᠯ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷᠠᠬᠢ | ᠬᠠᠤᠯᠢ ᠲᠣᠭᠲᠠᠭᠠᠯ ᠠᠴᠠ ᠵᠥᠷᠢᠴᠡᠭᠰᠡᠨ ᠠᠰᠠᠭᠤᠳᠠᠯ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ | ᠠᠵᠢᠯᠯᠠᠭ᠎ᠠ ᠶᠢᠨ ᠲᠥᠰᠦᠯ ᠪᠠ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ | ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢᠨ ᠬᠡᠷᠡᠭᠵᠢᠭᠦᠯᠬᠦ ᠲᠥᠰᠦᠯ᠂ ᠦᠨᠳᠦᠰᠦᠨ | ᠨᠤᠲᠤᠭ ᠪᠡᠯᠴᠢᠭᠡᠷ ᠢ ᠵᠠᠭᠠᠭᠯᠠᠨ ᠲᠣᠭᠲᠠᠭᠠᠬᠤ ᠪᠠ ᠲᠣᠬᠢᠷᠠᠭᠤᠯᠤᠯᠲᠠ ᠬᠢᠬᠦ ᠠᠵᠢᠯ ᠤᠨ ᠲᠥᠰᠦᠯ ᠢ ᠤᠯᠠᠮᠵᠢᠯᠠᠭᠰᠠᠨ | ᠪᠥᠭᠡᠳ ᠬᠤᠯᠪᠣᠭᠳᠠᠯ ᠪᠥᠬᠦᠶ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ︔ ︽︿ᠭᠤᠷᠪᠠᠨ ᠣᠷᠣᠨ ᠭᠤᠷᠪᠠᠨ | ᠱᠤᠭᠤᠮ﹀ ᠢ ᠵᠠᠭᠠᠭᠯᠠᠨ ᠲᠣᠭᠲᠠᠭᠠᠬᠤ ᠠᠵᠢᠯ ᠤᠨ ᠳᠤᠮᠳᠠ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ | ᠱᠤᠭᠤᠮ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠮᠡᠳᠡᠭᠳᠡᠯ︾ ᠳᠤ ᠲᠠᠶᠢᠯᠤᠮᠵᠢ ᠬᠢᠪᠠ᠃ | ᠰᠢᠤᠸᠠᠢ ᠵᠧᠨ ᠢᠦᠶ᠂ ᠳᠠᠭᠠᠭᠠᠴᠢᠯᠠᠭᠰᠠᠨ ᠭᠠᠵᠠᠷ ᠤᠨ ᠤᠳᠤᠷᠢᠳᠤᠯᠭ᠎ᠠ ᠪᠣᠯᠤᠨ ᠨᠠᠮ ᠤᠨ ᠡᠭᠦᠷ ᠤᠨ ᠱᠦᠵᠢ | ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠵᠤ᠂ ᠤᠰᠤᠨ ᠤ ᠡᠬᠢ ᠪᠠᠶᠠᠯᠢᠭ ᠢ ᠬᠠᠮᠢᠶᠠᠷᠤᠨ ᠬᠠᠮᠠᠭᠠᠯᠠᠬᠤ᠂ | ᠪᠠᠶᠢᠭᠠᠯᠢ ᠶᠢᠨ ᠬᠠᠮᠠᠭᠠᠯᠠᠯᠲᠠ ᠶᠢᠨ ᠭᠠᠵᠠᠷ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠪᠠ ᠨᠤᠲᠤᠭ | ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠵᠡᠷᠭᠡ ᠠᠵᠢᠯ ᠤᠨ ᠲᠤᠯᠭᠠᠮ ᠴᠢᠨᠠᠷ᠂ ᠴᠢᠬᠤᠯᠠ ᠴᠢᠨᠠᠷ᠂ ᠵᠠᠶᠢᠯᠠᠰᠢ | ᠥᠬᠡᠶ ᠴᠢᠨᠠᠷ ᠢ ᠭᠦᠨᠵᠡᠭᠡᠶ ᠲᠠᠨᠢᠵᠤ᠂ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ | ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠬᠤ ᠬᠡᠷᠡᠭᠲᠡᠶ︔ ᠠᠵᠢᠯᠯᠠᠭ᠎ᠠ | ᠳᠡᠭᠡᠷ᠎ᠡ ᠪᠠᠨ ᠪᠣᠳᠠᠲᠠᠢ ᠨᠠᠷᠢᠯᠢᠭ ᠬᠢᠵᠦ᠂ ᠠᠷᠠᠳ ᠤᠯᠠᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ | ᠨᠤᠲᠤᠭ ᠪᠡᠯᠴᠢᠭᠡᠷ ᠤᠨ ᠠᠮᠢ ᠠᠬᠤᠢ ᠶᠢᠨ ᠬᠠᠮᠠᠭᠠᠯᠠᠯᠲᠠ ᠶᠢᠨ ᠱᠠᠩᠨᠠᠨ ᠨᠥᠬᠦᠪᠥᠷᠢᠯᠡᠬᠦ ᠲᠦᠷᠦ ᠶᠢᠨ ᠪᠤᠳᠤᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ᠂ ᠱᠠᠩᠨᠠᠨ ᠨᠥᠬᠦᠪᠥᠷᠢᠯᠡᠬᠦ ᠪᠡᠯᠡ ᠮᠥᠩᠭᠦ ᠲᠠᠷᠬᠠᠭᠠᠬᠤ ᠠᠵᠢᠯ ᠢ ᠴᠢᠨᠠᠷ ᠰᠠᠶᠢᠲᠠᠢ | ᠪᠡᠶᠡᠯᠡᠭᠦᠯᠬᠦ ᠬᠡᠷᠡᠭᠲᠡᠢ︔ ᠠᠵᠢᠯ ᠤᠨ ᠲᠠᠯ᠎ᠠ ᠪᠠᠷ ᠠᠷᠭ᠎ᠠ ᠬᠡᠯᠪᠡᠷᠢ ᠠᠷᠭ᠎ᠠ ᠪᠠᠷᠢᠯ ᠢ ᠴᠢᠬᠤᠯᠠᠴᠢᠯᠠᠵᠤ᠂ ᠠᠵᠢᠯ ᠤᠨ | ᠲᠥᠯᠥᠪᠯᠡᠭᠡ ᠲᠣᠭᠲᠠᠭᠠᠨ ᠬᠠᠷᠠᠯᠲᠠ ᠶᠢ ᠠᠳᠬᠤᠵᠤ᠂ ᠴᠠᠭ ᠬᠤᠭᠤᠴᠠᠭ᠎ᠠ ᠶᠢ ᠡᠷᠢᠨ ᠭᠠᠷᠭᠠᠵᠤ ᠠᠬᠢᠴᠠ ᠶᠢ | ᠠᠳᠬᠤᠵᠤ᠂ ᠡᠯ᠎ᠡ ᠵᠦᠢᠯ ᠤᠨ ᠠᠵᠢᠯ ᠢᠶᠠᠨ ᠠᠮᠢᠳᠤᠯᠢᠭ ᠢᠶᠠᠷ ᠲᠤᠬᠢᠷᠠᠭᠤᠯᠬᠤ ᠬᠡᠷᠡᠭᠲᠡᠢ᠃ | ᠳᠠᠷᠠᠭ᠎ᠠ ᠨᠢ ᠭᠤᠤᠯᠳᠠᠯᠭ᠎ᠠ ᠲᠠᠢ ᠲᠥᠷᠥᠯ ᠵᠦᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ | ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠬᠡᠰᠡᠭ ᠢ ᠳᠠᠭᠠᠭᠠᠴᠢᠯᠠᠭᠰᠠᠨ ᠤᠳᠤᠷᠢᠳᠤᠯᠭ᠎ᠠ᠂ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠤᠨ ᠪᠥᠬᠦ ᠺᠠᠳ᠋ᠷᠴᠤᠳ ᠬᠤᠷᠠᠯ ᠳᠤ ᠣᠷᠣᠯᠴᠠᠵᠠᠶ᠃ ᠬᠤᠷᠠᠯ | ᠳᠡᠭᠡᠷ᠎ᠡ᠂ ᠡᠯ᠎ᠡ ᠭᠤᠤᠯᠳᠠᠯᠭ᠎ᠠ ᠲᠠᠢ ᠲᠥᠷᠥᠯ ᠵᠦᠢᠯ ᠤᠨ ᠬᠠᠷᠢᠭᠤᠴᠠᠯᠭᠠᠲᠠᠨ ᠤᠳᠤᠷᠢᠳᠤᠯᠭ᠎ᠠ ᠲᠥᠷᠥᠯ ᠵᠦᠢᠯ ᠤᠨ | ᠠᠬᠢᠴᠠ ᠶᠢᠨ ᠪᠠᠶᠢᠳᠠᠯ᠂ ᠪᠠᠯᠠ ᠮᠥᠩᠭᠦ ᠶᠢᠨ ᠢᠷᠡᠯᠲᠡ᠂ ᠪᠠᠯᠠ ᠮᠥᠩᠭᠦ ᠶᠢ ᠪᠣᠳᠠᠲᠠᠶᠢᠵᠢᠭᠤᠯᠤᠭᠰᠠᠨ ᠪᠠᠶᠢᠳᠠᠯ ᠵᠢᠴᠢ | ᠣᠷᠣᠰᠢᠵᠤ ᠪᠠᠶᠢᠭ᠎ᠠ ᠠᠰᠠᠭᠤᠳᠠᠯ ᠢ ᠲᠣᠰ ᠲᠣᠰ ᠬᠠᠷᠢᠭᠤ ᠮᠡᠳᠡᠭᠦᠯᠪᠡ᠃ ᠡᠴᠦᠰ ᠲᠤ᠂ ᠬᠠᠶᠢᠷ᠎ᠠ᠂ ᠤᠢᠢᠷ᠎ᠠ ᠶᠢᠨ | ᠬᠤᠭᠤᠴᠠᠭᠠᠨ ᠤ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠪᠣᠯᠤᠨ ᠲᠦᠷᠦᠯ ᠵᠦᠢᠯ ᠤᠨ ᠠᠭᠤᠯᠭ᠎ᠠ ᠤᠯᠠᠨ᠂ | ᠡᠭᠦᠷᠭᠡ ᠬᠦᠨᠳᠦ᠂ ᠳᠠᠷᠤᠯᠲᠠ ᠶᠡᠭᠡ᠂ ᠡᠯ᠎ᠡ ᠬᠡᠰᠡᠭ ᠳᠠᠭᠠᠭᠠᠴᠢᠯᠠᠭᠰᠠᠨ ᠤᠳᠤᠷᠢᠳᠤᠯᠭ᠎ᠠ ᠬᠠᠷᠢᠭᠤᠴᠠᠯᠭ᠎ᠠ ᠪᠠᠨ | ᠲᠣᠳᠣᠷᠬᠠᠶᠢᠯᠠᠵᠤ᠂ ᠨᠠᠷᠢᠨ ᠬᠢᠨᠠᠮᠠᠭᠠᠢ ᠲᠤᠭᠤᠰᠢᠯᠠᠭᠤᠯᠵᠤ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ | ᠠᠵᠢᠯ ᠤᠨ ᠶᠠᠪᠤᠳᠠᠯ ᠪᠣᠯᠭᠠᠨ ᠳᠤ ᠬᠠᠷᠢᠭᠤ ᠥᠭᠴᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ ᠶᠢ ᠪᠠᠲᠤᠯᠠᠵᠤ᠂ | ᠡᠯ᠎ᠡ ᠵᠦᠢᠯ ᠤᠨ ᠠᠵᠢᠯ ᠪᠣᠯᠤᠨ ᠲᠦᠷᠦᠯ ᠵᠦᠢᠯ ᠤᠨ ᠪᠣᠳᠠᠲᠠᠢ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠢ | ᠭᠡᠵᠦ ᠢᠯᠡᠳᠬᠡᠪᠡ᠃ | | | | | | |