ᠵᠠᠰᠠᠭ ᠪᠠᠯᠭᠠᠰᠤ᠄ ᠣᠷᠣᠰᠢᠨ ᠰᠠᠭᠤᠷᠢᠰᠢᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠬᠥᠳᠡᠭᠡ ᠲᠣᠰᠬᠤᠨ ᠤ ᠵᠢᠭᠤᠯᠴᠢᠯᠠᠯ ᠤᠨ ᠤᠯᠠᠷᠢᠯ ᠳᠤ ᠬᠦᠴᠦᠨ ᠨᠡᠮᠡᠷᠢᠯᠡᠨ᠎ᠡ
ᠨᠡᠶᠢᠲᠡᠯᠡᠭᠰᠡᠨ ᠴᠠᠭ᠄
2022/7/28
       ᠣᠶᠢᠷ᠎ᠠ ᠳᠤ᠂ ︽ᠨᠠᠮ ᠤᠨ ᠬᠤᠷᠢᠳᠤᠭᠠᠷ ᠶᠡᠭᠡ ᠬᠤᠷᠠᠯ ᠢ ᠪᠠᠶᠠᠷᠯᠠᠨ ᠤᠭᠲᠤᠵᠤ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ︾ ᠵᠠᠰᠠᠭ ᠪᠠᠯᠭᠠᠰᠤ ᠶᠢᠨ ᠴᠠᠭᠠᠨᠴᠠᠶᠢᠳᠠᠮ ᠲᠣᠰᠬᠤᠨ ᠤ ᠵᠢᠷᠭᠤᠳᠤᠭᠠᠷ ᠬᠤᠭᠤᠴᠠᠭᠠᠨ ᠤ ᠬᠥᠳᠡᠭᠡ ᠲᠣᠰᠬᠤᠨ ᠤ ᠵᠢᠭᠤᠯᠴᠢᠯᠠᠯ ᠤᠨ ᠤᠯᠠᠷᠢᠯ ᠤᠳᠠᠯ ᠥᠬᠡᠶ ᠡᠬᠢᠯᠡᠬᠦ ᠲᠠᠰᠢᠷᠠᠮ ᠢᠶᠠᠷ᠂ ᠪᠠᠯᠭᠠᠰᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠯᠪᠠᠨ ᠬᠡᠷ ᠠᠴᠠ ᠪᠠᠶᠢᠴᠠᠭᠠᠨ ᠥᠭᠡᠷᠡᠴᠢᠯᠡᠬᠦ ᠶᠢ ᠠᠬᠢᠭᠤᠯᠬᠤ ᠠᠷᠭ᠎ᠠ ᠬᠡᠯᠪᠡᠷᠢ ᠪᠠᠷ ᠳᠠᠮᠵᠢᠭᠤᠯᠤᠨ᠂ ᠴᠠᠭᠠᠨᠴᠠᠶᠢᠳᠠᠮ ᠲᠣᠰᠬᠤᠨ ᠤ ᠡᠯ᠎ᠡ ᠬᠤᠷᠰᠢᠶ᠎ᠠ ᠶᠢᠨ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠳᠤ ᠰᠢᠪᠠᠳᠠᠨ ᠪᠠᠶᠢᠴᠠᠭᠠᠯᠲᠠ ᠬᠢᠪᠠ᠃ ᠴᠠᠭᠠᠨᠴᠠᠶᠢᠳᠠᠮ ᠲᠣᠰᠬᠤᠨ ᠴᠡᠪᠡᠷ ᠴᠡᠮᠴᠡᠭᠡᠷ ᠣᠷᠣᠰᠢᠨ ᠰᠠᠭᠤᠬᠤ ᠣᠷᠴᠢᠨ ᠲᠣᠭᠤᠷᠢᠨ ᠢᠶᠠᠨ ᠬᠠᠳᠠᠭᠠᠯᠠᠵᠤ᠂ ᠲᠣᠰ ᠤᠳᠠᠭᠠᠨ ᠤ ᠱᠠᠯᠠᠪᠳᠠᠭᠤᠯᠤᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠤᠨ ᠭᠤᠤᠯᠳᠠᠯᠭ᠎ᠠ ᠨᠢ ᠪᠠᠬᠢᠵᠢᠭᠦᠯᠦᠨ ᠳᠡᠭᠡᠭᠰᠢᠯᠡᠭᠦᠯᠬᠦ ᠳᠤ ᠪᠠᠶᠢᠵᠤ᠂ ᠢᠯᠡᠷᠡᠭᠦᠯᠦᠭᠰᠡᠨ ᠠᠰᠠᠭᠤᠳᠠᠯ ᠢ ᠨᠢᠭᠡᠨᠲᠡ ᠬᠤᠭᠤᠴᠠᠭ᠎ᠠ ᠲᠣᠭᠲᠠᠭᠠᠨ ᠴᠡᠭᠴᠡᠯᠡᠨ ᠰᠠᠶᠢᠵᠢᠷᠠᠭᠤᠯᠬᠤ ᠪᠠᠷ ᠵᠠᠷᠯᠢᠭᠳᠠᠵᠤ᠂ ᠬᠥᠳᠡᠭᠡ ᠲᠣᠰᠬᠤᠨ ᠤ ᠵᠢᠭᠤᠯᠴᠢᠯᠠᠯ ᠤᠨ ᠤᠯᠠᠷᠢᠯ ᠬᠦᠷᠴᠦ ᠢᠷᠡᠬᠦ ᠲᠠᠰᠢᠷᠠᠮ ᠳᠤ᠂ ᠥᠷᠭᠡᠨ ᠣᠯᠠᠨ ᠵᠤᠭᠠᠴᠠᠭᠰᠠᠳ ᠲᠤ ᠨᠢᠭᠡᠨ ᠲᠠᠭᠠᠯᠠᠮᠵᠢᠲᠠᠶ ᠰᠠᠶᠢᠬᠠᠨ ᠣᠷᠴᠢᠨ ᠲᠣᠭᠤᠷᠢᠨ ᠬᠠᠩᠭᠠᠪᠠ᠃ ᠴᠠᠭᠠᠨᠴᠠᠶᠢᠳᠠᠮ ᠲᠣᠰᠬᠤᠨ ᠥᠷᠭᠡᠨ ᠤᠯᠠᠨ ᠲᠣᠰᠬᠤᠨ ᠤ ᠠᠷᠠᠳ ᠢ ᠣᠷᠴᠢᠨ ᠲᠣᠭᠤᠷᠢᠨ ᠤ ᠬᠠᠮᠠᠭᠠᠯᠠᠯᠲᠠ ᠶᠢᠨ ᠣᠶᠢᠯᠠᠭᠠᠭᠳᠠᠬᠤᠨ ᠲᠠᠢ ᠪᠣᠯᠭᠠᠬᠤ ᠪᠠᠷ ᠲᠠᠶᠢᠴᠢᠯᠠᠵᠥ᠂ ᠡᠭᠦᠨ ᠠᠴᠠ ᠭᠠᠳᠠᠨ᠎ᠠ ᠪᠠᠰᠠ ᠵᠢᠷᠬᠢᠶ᠎ᠡ ᠪᠠᠷ ᠤᠬᠠᠭᠤᠯᠬᠤ᠂ ᠰᠠᠶᠢᠨ ᠳᠤᠷ᠎ᠠ ᠠᠴᠠ ᠪᠠᠨ ᠢᠳᠬᠠᠨ ᠰᠤᠷᠭᠠᠬᠤ ᠵᠡᠷᠭᠡ ᠬᠡᠯᠪᠡᠷᠢ ᠪᠠᠷ ᠥᠷᠭᠡᠨ ᠤᠯᠠᠨ ᠲᠣᠰᠬᠤᠨ ᠤ ᠠᠷᠠᠳ ᠤᠨ ᠬᠥᠳᠡᠭᠡ ᠲᠣᠰᠬᠤᠨ ᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠳᠤ ᠢᠳᠡᠪᠬᠢᠲᠡᠢ ᠣᠷᠣᠯᠴᠠᠬᠤ ᠶᠢ ᠲᠠᠶᠢᠴᠢᠯᠠᠵᠥ᠂ ᠲᠣᠰᠬᠤᠨ ᠤ ᠠᠷᠠᠳ ᠤᠨ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠬᠦ ᠶᠢ ᠰᠠᠨᠠᠭᠠᠴᠢᠯᠠᠵᠤ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠤᠬᠠᠮᠰᠠᠷ ᠠᠴᠠ ᠪᠠᠨ ᠬᠠᠮᠠᠭᠠᠯᠠᠵᠤ᠂ ᠪᠣᠯᠪᠠᠰᠤᠨ ᠤ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号