ᠠᠯᠳᠠᠨᠰᠢᠷᠡᠭᠡ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠢᠨ ᠭᠠᠵᠠᠷ ᠰᠢᠷᠣᠶ ᠶᠢᠨ ᠳᠠᠭᠠᠭᠤᠯᠢ ᠣᠳᠣᠨ ᠤ ᠵᠢᠷᠤᠭ ᠢ ᠬᠠᠷᠭᠤᠭᠤᠯᠤᠨ ᠪᠠᠶᠢᠴᠠᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2022/7/28
     ᠣᠶᠢᠷ᠎ᠠ ᠳᠤ᠂ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠯᠳᠠᠨᠰᠢᠷᠡᠭᠡ ᠪᠠᠯᠭᠠᠰᠤᠨ ᠤ ᠬᠠᠤᠯᠢ ᠵᠥᠷᠢᠴᠡᠵᠦ ᠬᠡᠷᠡᠭᠯᠡᠭᠰᠡᠨ 102 ᠭᠠᠵᠠᠷ ᠤᠨ ᠵᠢᠷᠤᠭ ᠤᠨ ᠲᠣᠯᠪᠤ ᠶᠢ ᠪᠠᠭᠤᠯᠭᠠᠪᠠ᠂ ᠥᠪᠥᠷ ᠮᠣᠩᠭᠤᠯ ᠤᠨ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠠᠯᠳᠠᠨᠰᠢᠷᠡᠭᠡ ᠪᠠᠯᠭᠠᠰᠤᠨ ᠤ ᠬᠠᠤᠯᠢ ᠵᠥᠷᠢᠴᠡᠵᠦ ᠬᠡᠷᠡᠭᠯᠡᠭᠰᠡᠨ ᠭᠠᠵᠠᠷ ᠤᠨ ᠵᠢᠷᠤᠭ ᠤᠨ ᠲᠣᠯᠪᠤ ᠶᠢᠨ ᠪᠠᠶᠢᠳᠠᠯ ᠢ ᠤᠯᠠᠮ ᠨᠢᠭᠡ ᠠᠯᠬᠤᠮ ᠬᠢᠨᠠᠨ ᠬᠠᠷᠭᠤᠭᠤᠯᠬᠤ ᠶᠢᠨ ᠲᠥᠯᠥᠭᠡ᠂ ᠠᠯᠳᠠᠨᠰᠢᠷᠡᠭᠡ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠢᠨ ᠬᠥᠮᠦᠰ ᠢ ᠢᠳᠡᠪᠬᠢᠲᠡᠶ ᠵᠣᠬᠢᠶᠠᠨ ᠪᠠᠶᠢᠭᠤᠯᠵᠤ ᠳᠣᠷᠣᠭᠰᠢ ᠲᠠᠷᠬᠠᠭᠠᠭᠰᠠᠨ ᠭᠠᠵᠠᠷ ᠤᠨ ᠵᠢᠷᠤᠭ ᠤᠨ ᠲᠣᠯᠪᠤ ᠶᠢᠨ ᠪᠠᠶᠢᠳᠠᠯ ᠢ ᠨᠠᠷᠢᠨ ᠬᠢᠨᠠᠮᠠᠭᠠᠶ ᠬᠠᠷᠭᠤᠭᠤᠯᠤᠨ ᠪᠠᠶᠢᠴᠠᠭᠠᠵᠤ᠂ ᠠᠵᠢᠯᠲᠠᠳ ᠠᠭᠠᠭᠢᠮ᠎ᠠ ᠬᠠᠯᠠᠭᠤᠨ ᠢ ᠬᠠᠶᠢᠬᠤᠷᠤᠯ ᠦᠬᠡᠢ ᠪᠣᠳᠠᠲᠠᠶ ᠭᠠᠵᠠᠷ ᠲᠤ ᠭᠦᠨᠵᠡᠭᠡᠶᠢᠷᠡᠵᠦ᠂ ᠪᠣᠶ ᠪᠥᠬᠦᠶ ᠭᠠᠵᠠᠷ ᠤᠨ ᠲᠣᠯᠪᠤ ᠶᠢ ᠭᠠᠵᠠᠷ ᠣᠷᠣᠨ ᠤ ᠲᠥᠷᠥᠯ᠂ ᠲᠠᠯᠠᠪᠠᠶ᠂ ᠣᠳᠣᠬᠢ ᠪᠠᠶᠢᠳᠠᠯ᠂ ᠭᠠᠵᠠᠷ ᠬᠡᠷᠡᠭᠯᠡᠬᠦ ᠴᠠᠭ᠂ ᠬᠡᠷᠡᠭᠯᠡᠬᠦ ᠡᠷᠬᠡᠲᠦ ᠬᠥᠮᠦᠨ᠂ ᠬᠠᠤᠯᠢ ᠶᠣᠰᠣᠴᠢ ᠴᠢᠨᠠᠷ ᠵᠡᠷᠭᠡ ᠶᠢ ᠬᠠᠷᠭᠤᠭᠤᠯᠤᠨ ᠪᠠᠶᠢᠴᠠᠭᠠᠵᠤ᠂ ᠵᠢᠷᠤᠭ ᠳᠦᠷᠰᠦ ᠶᠢᠨ ᠣᠶᠢᠷ᠎ᠠ ᠦᠵᠡᠮᠵᠢ ᠠᠯᠤᠰ ᠤᠨ ᠦᠵᠡᠮᠵᠢ ᠶᠢᠨ ᠬᠡᠷᠡᠯ ᠵᠢᠷᠤᠭ ᠢ ᠰᠡᠭᠦᠳᠡᠷᠯᠡᠨ ᠰᠡᠭᠦᠳᠡᠷᠯᠡᠵᠦ᠂ ᠬᠡᠷᠡᠯ ᠵᠢᠷᠤᠭ ᠢ ᠬᠠᠮᠤᠭ ᠲᠡᠷᠢᠬᠦᠨ ᠳᠤ ᠪᠠᠶᠢᠭᠠᠯᠢ ᠶᠢᠨ ᠡᠬᠢ ᠪᠠᠶᠠᠯᠢᠭ ᠤᠨ ᠡᠬᠦᠯᠡᠨᠴᠢᠷ ᠰᠢᠰᠲ᠋ᠧᠮ ᠳᠤ ᠭᠠᠷᠭᠠᠪᠠ᠃ ᠲᠠᠷᠠᠭᠠᠴᠢ ᠶᠢᠨ ᠠᠯᠬᠤᠮ ᠳᠤ᠂ ᠠᠯᠳᠠᠨᠰᠢᠷᠡᠭᠡ ᠪᠠᠯᠭᠠᠰᠤᠨ ᠤ ᠪᠠᠶᠢᠭᠠᠯᠢ ᠶᠢᠨ ᠡᠬᠢ ᠪᠠᠶᠠᠯᠢᠭ ᠤᠨ ᠭᠠᠵᠠᠷ ᠤᠨ ᠬᠢᠨ ᠠᠰᠠᠭᠤᠳᠠᠯ ᠤᠨ ᠲᠥᠷᠥᠯ ᠬᠡᠯᠪᠡᠷᠢ ᠶᠢ ᠦᠨᠳᠦᠰᠦᠯᠡᠨ᠂ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠤᠨ ᠪᠠᠶᠢᠷᠢᠯᠠᠭᠤᠯᠤᠯᠲᠠ ᠶᠣᠰᠣᠭᠠᠷ ᠢᠳᠡᠪᠬᠢᠲᠡᠶ ᠲᠣᠬᠢᠷᠠᠭᠤᠯᠤᠨ ᠵᠣᠬᠢᠶᠠᠨ ᠪᠠᠶᠢᠭᠤᠯᠵᠤ ᠴᠡᠭᠴᠡᠯᠡᠨ ᠵᠠᠰᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号