ᠡᠵᠡᠨ ᠬᠤᠷᠤᠭ᠎ᠠ ᠬᠤᠰᠢᠭᠤ ᠣᠷᠴᠢᠨ ᠲᠣᠭᠤᠷᠢᠨ ᠤ ᠠᠷᠢᠭᠤᠨ ᠴᠡᠪᠡᠷ᠂ ᠬᠤᠲᠠ ᠶᠢᠨ ᠬᠠᠮᠢᠶᠠᠷᠤᠯᠲᠠ ᠬᠠᠮᠲᠤᠷᠠᠨ ᠬᠥᠳᠡᠯᠦᠯᠴᠡᠵᠦ᠂ ᠪᠣᠯᠪᠠᠰᠤᠨ ᠬᠤᠤᠰ ᠬᠠᠯᠬᠠᠪᠴᠢ ᠶᠢ ᠪᠠᠶᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2022/7/28
     ᠮᠠᠨ ᠤ ᠬᠤᠰᠢᠭᠤᠨ ᠤ ᠪᠤᠯᠪᠠᠰᠤᠨ ᠬᠤᠳᠠ ᠶᠢ ᠡᠬᠦᠳᠬᠦ ᠠᠵᠢᠯ ᠤᠨ ᠦᠷ᠎ᠡ ᠪᠦᠲᠦᠮᠵᠢ ᠶᠢ ᠤᠯᠠᠮ ᠨᠢᠭᠡ ᠠᠯᠬᠤᠮ ᠪᠠᠬᠢᠵᠢᠭᠦᠯᠵᠦ᠂ ᠮᠠᠨ ᠤ ᠬᠤᠰᠢᠭᠤᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠦᠬᠦᠯᠢ ᠴᠣᠭᠴᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠥᠯᠥᠭᠡ᠂ ᠣᠶᠢᠷ᠎ᠠ ᠳᠤ᠂ ᠬᠤᠰᠢᠭᠤᠨ ᠤ ᠬᠤᠲᠠ ᠬᠥᠳᠡᠭᠡ ᠶᠢᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠲᠥᠪ ᠨᠢ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠲᠠᠢ ᠰᠠᠷᠠᠪᠴᠢᠨ ᠭᠡᠷ ᠤᠨ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠲᠤᠷᠠᠨ ᠴᠡᠭᠴᠡᠯᠡᠨ ᠵᠠᠰᠠᠬᠤ ᠠᠵᠢᠯᠯᠠᠭ᠎ᠠ ᠥᠷᠨᠢᠭᠦᠯᠪᠡ᠃ ᠠᠮᠤᠷ ᠲᠦᠪᠰᠢᠨ ᠤ ᠬᠡᠮ ᠰᠣᠭᠤᠭ ᠢ ᠬᠦᠴᠦᠯᠡᠨ ᠠᠷᠢᠯᠭᠠᠬᠤ ᠮᠥᠷᠲᠡᠭᠡᠨ ᠪᠠᠰᠠ ᠲᠣᠰ ᠲᠣᠭᠤᠷᠢᠭ ᠤᠨ ᠰᠠᠭᠤᠭᠠᠯᠢ ᠠᠷᠠᠳ ᠲᠤ ᠴᠡᠪᠡᠷ ᠲᠡᠭᠰᠢ ᠣᠷᠣᠨ ᠰᠠᠭᠤᠴᠠ ᠶᠢᠨ ᠣᠷᠴᠢᠨ ᠲᠣᠭᠤᠷᠢᠨ ᠢ ᠦᠨᠡᠨ ᠬᠦ ᠪᠣᠶ ᠪᠣᠯᠭᠠᠵᠤ ᠥᠭᠭᠦᠨ᠎ᠡ᠃     ᠬᠤᠶᠠᠷ ᠡᠳᠦᠷ ᠳᠠᠷᠠᠭᠠᠯᠠᠨ᠂ ᠮᠠᠨ ᠤ ᠲᠥᠪ ᠠᠵᠢᠯᠴᠢᠳ ᠢᠶᠠᠨ ᠵᠣᠬᠢᠶᠠᠨ ᠪᠠᠶᠢᠭᠤᠯᠵᠤ ᠵᠢᠷᠭᠠᠯᠠᠩᠲᠤ ᠭᠤᠳᠤᠮᠵᠢ ᠶᠢᠨ ᠡᠮᠦᠨᠡᠬᠢ ᠰᠠᠷᠠᠪᠴᠢᠨ ᠭᠡᠷ ᠤᠨ ᠣᠪᠣᠭᠠᠯᠠᠭᠰᠠᠨ ᠪᠠᠷᠢᠯᠭ᠎ᠠ ᠶᠢᠨ ᠬᠤᠭ ᠨᠣᠪᠰᠢ᠂ ᠵᠠᠮ ᠤᠨ ᠭᠠᠳᠠᠷᠭᠤ ᠳᠤ ᠦᠯᠡᠳᠡᠭᠳᠡᠵᠦ ᠪᠠᠶᠢᠭᠰᠠᠨ ᠬᠡᠮᠬᠡᠳᠡᠭ ᠲᠣᠭᠤᠰᠬ᠎ᠠ ᠪᠣᠯᠤᠨ ᠱᠦᠢᠨᠢ ᠵᠢᠴᠢ ᠡᠯ᠎ᠡ ᠵᠦᠢᠯ ᠤᠨ ᠠᠮᠢᠳᠤᠷᠠᠯ ᠤᠨ ᠬᠤᠭ ᠨᠣᠪᠰᠢ᠂ ᠬᠠᠶᠠᠭᠳᠠᠮᠠᠯ ᠪᠣᠳᠠᠰ ᠢ ᠪᠦᠬᠦᠨ ᠢ ᠴᠡᠪᠡᠷᠯᠡᠪᠡ᠃      ᠡᠨᠡ ᠤᠳᠠᠭ᠎ᠠ ᠶᠢᠨ ᠬᠠᠮᠲᠤᠷᠠᠭᠰᠠᠨ ᠠᠵᠢᠯᠯᠠᠭ᠎ᠠ ᠨᠢ ᠰᠠᠷᠠᠪᠴᠢᠨ ᠭᠡᠷ ᠤᠨ ᠲᠣᠭᠤᠷᠢᠭ ᠤᠨ ᠣᠷᠣᠨ ᠰᠠᠭᠤᠴᠠ ᠶᠢᠨ ᠣᠷᠴᠢᠨ ᠲᠣᠭᠤᠷᠢᠨ ᠢ ᠴᠣ᠋ ᠰᠢᠨ᠎ᠡ ᠪᠣᠯᠭᠠᠪᠠ᠃ ᠮᠥᠨ ᠴᠦ ᠪᠣᠳᠠᠲᠤ ᠠᠵᠢᠯᠯᠠᠭ᠎ᠠ ᠪᠠᠷ ᠢᠶᠠᠨ ᠰᠠᠭᠤᠭᠠᠯᠢ ᠠᠷᠠᠳ ᠢ ᠠᠯᠬᠤᠮ ᠠᠯᠬᠤᠮ ᠢᠶᠠᠷ ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠪᠣᠯᠪᠠᠰᠤᠨ ᠠᠮᠢᠳᠤᠷᠠᠯ ᠤᠨ ᠳᠠᠳᠬᠠᠯ ᠲᠠᠢ ᠪᠣᠯᠭᠠᠵᠤ᠂ ᠤᠬᠠᠮᠰᠠᠷ ᠠᠴᠠ ᠪᠠᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠬᠠᠮᠠᠭᠠᠯᠠᠬᠤ ᠡᠵᠡᠨ ᠬᠥᠮᠦᠨ ᠤ ᠤᠬᠠᠮᠰᠠᠷ ᠢ ᠨᠢ ᠳᠡᠭᠡᠭᠰᠢᠯᠡᠭᠦᠯᠬᠦ ᠶᠠᠪᠤᠳᠠᠯ ᠪᠣᠯᠤᠨ᠎ᠠ᠃ ᠮᠠᠨ ᠤ ᠲᠥᠪ ᠦᠷᠭᠦᠯᠵᠢᠯᠡᠨ ᠬᠤᠳᠠ ᠶᠢᠨ ᠲᠣᠭᠤᠷᠢᠭ ᠤᠨ ᠡᠷᠡᠭᠦᠯ ᠬᠠᠮᠠᠭᠠᠯᠠᠯ ᠤᠨ ᠥᠨᠴᠥᠭ ᠪᠤᠯᠤᠩ ᠢ ᠵᠢᠭᠰᠠᠭᠠᠨ ᠪᠠᠶᠢᠴᠠᠭᠠᠵᠤ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠦᠷᠰᠦ ᠪᠠᠶᠢᠳᠠᠯ ᠢ ᠴᠢᠷᠮᠠᠶᠢᠨ ᠰᠠᠶᠢᠵᠢᠷᠠᠭᠤᠯᠵᠤ᠂ ᠰᠠᠭᠤᠭᠠᠯᠢ ᠠᠷᠠᠳ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠰ ᠤᠨ ᠲᠤᠬᠠᠢ ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠢ ᠲᠠᠰᠤᠷᠠᠯᠲᠠ ᠦᠭᠡᠢ ᠳᠡᠭᠡᠭᠰᠢᠯᠡᠭᠦᠯᠪᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号