ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠤᠨ ᠪᠠᠲᠤᠯᠠᠭ᠎ᠠ ᠶᠢᠨ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2022/7/28
     ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 2022 ᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠤᠨ ᠤᠷᠤᠭᠰᠢᠲᠠᠶ ᠶᠠᠪᠤᠭᠳᠠᠬᠤ ᠶᠢ ᠪᠥᠬᠦ ᠬᠦᠴᠦᠨ ᠢᠶᠠᠷ ᠢᠶᠠᠨ ᠪᠠᠲᠤᠯᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠨᠠᠷᠢᠨ ᠨᠢᠮᠪᠠᠢ᠂ ᠪᠥᠬᠦ ᠬᠦᠴᠦᠨ ᠢᠶᠠᠷ ᠢᠶᠠᠨ ᠪᠠᠲᠤᠯᠠᠭ᠎ᠠ ᠶᠢᠨ ᠠᠵᠢᠯ ᠢ ᠯᠠᠪᠳᠠᠭᠤᠨ ᠪᠠᠲᠤᠲᠠᠶ ᠬᠢᠵᠦ᠂ ᠪᠣᠳᠠᠲᠠᠶ ᠳᠤ ᠨᠠᠶᠢᠳᠠᠪᠤᠷᠢᠵᠢᠭᠤᠯᠤᠨ᠂ ᠵᠠᠮ ᠳᠠᠭᠠᠤ ᠪᠠ ᠠᠵᠢᠯᠯᠠᠭᠠᠨ ᠤ ᠲᠤᠬᠠᠶ ᠶᠢᠨ ᠲᠠᠯᠠᠪᠠᠶ ᠶᠢᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ᠂ ᠲᠡᠷᠭᠡ ᠵᠣᠭᠰᠣᠭᠠᠬᠤ ᠶᠢ ᠵᠢᠷᠤᠮᠵᠢᠭᠤᠯᠤᠨ ᠵᠢᠯᠣᠭᠤᠳᠬᠤ᠂ ᠨᠡᠭᠦᠳᠡᠯ ᠬᠤᠳᠠᠯᠳᠤᠭᠠᠴᠢᠨ ᠢ ᠡᠮᠬᠢ ᠵᠢᠷᠤᠮ ᠲᠠᠢ ᠪᠠᠷ ᠬᠥᠲᠥᠯᠥᠨ ᠵᠢᠯᠣᠭᠤᠳᠬᠤ ᠵᠡᠷᠭᠡ ᠠᠵᠢᠯ ᠢ ᠰᠠᠶᠢᠲᠤᠷ ᠬᠢᠵᠦ᠂ ᠲᠣᠰ ᠤᠳᠠᠭᠠᠨ ᠤ ᠠᠵᠢᠯᠯᠠᠭ᠎ᠠ ᠶᠢᠨ ᠪᠠᠲᠤᠯᠠᠭ᠎ᠠ ᠶᠢᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠶ ᠰᠠᠶᠢᠲᠤᠷ ᠬᠢᠪᠠ᠃      ᠡᠵᠡᠨ ᠬᠤᠷᠤᠭ᠎ᠠ ᠬᠤᠰᠢᠭᠤᠨ ᠤ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠨᠠᠷᠢᠨ ᠨᠢᠮᠪᠠᠶ ᠵᠣᠬᠢᠶᠠᠨ ᠪᠠᠶᠢᠭᠤᠯᠵᠤ᠂ ᠭᠤᠤᠯ ᠤᠳᠤᠷᠢᠳᠤᠯᠭ᠎ᠠ ᠪᠡᠶ᠎ᠡ ᠪᠠᠷ ᠢᠶᠠᠨ ᠲᠣᠬᠢᠷᠠᠭᠤᠯᠤᠨ᠂ ᠬᠤᠪᠢᠳᠠᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠡᠮᠦᠨ᠎ᠡ ᠹᠷᠣᠨᠲ ᠲᠤ ᠬᠦᠷᠴᠦ ᠵᠢᠯᠣᠭᠤᠳᠤᠨ᠂ ᠡᠳᠦᠷ ᠲᠤᠲᠤᠮ ᠤᠨ ᠲᠣᠭᠤᠷᠢᠨ ᠪᠠᠶᠢᠴᠠᠭᠠᠬᠤ ᠬᠠᠮᠢᠶᠠᠷᠤᠯᠲᠠ ᠶᠢᠨ ᠰᠠᠭᠤᠷᠢᠨ ᠳᠡᠭᠡᠷ᠎ᠡ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠪᠦᠭᠦᠳᠡᠭᠡᠷ ᠢᠶᠠᠨ ᠬᠥᠳᠡᠯᠦᠯᠴᠡᠨ᠂ ᠠᠵᠢᠯᠯᠠᠭ᠎ᠠ ᠶᠢᠨ ᠱᠤᠭᠤᠮ ᠳᠠᠭᠠᠤ ᠵᠢᠴᠢ ᠲᠤᠬᠠᠶ ᠶᠢᠨ ᠲᠠᠯᠠᠪᠠᠶ ᠶᠢᠨ ᠡᠷᠬᠢᠨ ᠲᠣᠭᠤᠷᠢᠨ ᠤ ᠬᠤᠲᠠ ᠶᠢᠨ ᠣᠷᠴᠢᠨ ᠲᠣᠭᠤᠷᠢᠨ ᠤ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠪᠠᠲᠤᠯᠠᠪᠠ᠃      ᠠᠵᠢᠯᠯᠠᠭ᠎ᠠ ᠶᠢᠨ ᠲᠤᠬᠠᠶ ᠶᠢᠨ ᠲᠠᠯᠠᠪᠠᠶ ᠶᠢᠨ ᠡᠷᠬᠢᠨ ᠲᠣᠭᠤᠷᠢᠨ ᠤ ᠲᠡᠷᠭᠡ ᠨᠢᠭᠲᠠᠷᠠᠭᠰᠠᠨ ᠵᠢᠴᠢ ᠨᠡᠭᠦᠳᠡᠯ ᠬᠤᠳᠠᠯᠳᠤᠭᠠᠴᠢᠨ ᠨᠡᠭᠦᠳᠡᠯ ᠡᠵᠡᠩᠨᠡᠯᠲᠡ ᠬᠢᠵᠦ ᠪᠠᠶᠢᠭ᠎ᠠ ᠦᠵᠡᠭᠳᠡᠯ ᠳᠤ ᠴᠢᠭᠯᠡᠭᠦᠯᠦᠨ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠬᠠᠤᠯᠢ ᠬᠡᠷᠡᠭᠵᠢᠭᠦᠯᠬᠦ ᠠᠵᠢᠯᠲᠠᠨ ᠤ ᠲᠤᠰᠬᠠᠶ ᠬᠥᠮᠦᠨ ᠲᠤᠰᠬᠠᠶ ᠠᠵᠢᠯ ᠤᠨ ᠪᠠᠶᠢᠷᠢ ᠭᠠᠷᠭᠠᠵᠤ ᠵᠢᠷᠤᠮᠵᠢᠭᠤᠯᠤᠨ ᠬᠥᠲᠥᠯᠥᠨ ᠵᠢᠯᠣᠭᠤᠳᠬᠤ ᠶᠢᠨ ᠬᠠᠮᠲᠤ ᠵᠠᠮ ᠳᠠᠭᠠᠤ ᠶᠢᠨ ᠬᠤᠶᠠᠷ ᠬᠠᠵᠠᠭᠤ ᠪᠠᠷ ᠡᠭᠡᠯᠵᠢᠯᠡᠨ ᠲᠣᠭᠤᠷᠢᠨ ᠪᠠᠶᠢᠴᠠᠭᠠᠬᠤ ᠡᠷᠴᠢᠮ ᠢ ᠴᠢᠩᠭᠠᠳᠬᠠᠵᠤ᠂ ᠮᠠᠰᠢᠨᠲᠤ ᠪᠤᠰᠤ ᠲᠡᠷᠭᠡ ᠶᠢ ᠳᠤᠷ᠎ᠠ ᠪᠠᠷ ᠢᠶᠠᠨ ᠲᠠᠯᠪᠢᠵᠤ ᠵᠣᠭᠰᠣᠭᠠᠬᠤ ᠶᠢ ᠵᠢᠷᠤᠮᠵᠢᠭᠤᠯᠤᠨ᠂ ᠵᠠᠷ ᠮᠡᠳᠡᠭᠡ ᠶᠢ ᠳᠤᠷ᠎ᠠ ᠪᠠᠷ ᠢᠶᠠᠨ ᠨᠠᠭᠠᠵᠤ ᠡᠯᠭᠦᠬᠦ᠂ ᠡᠳ᠋ ᠪᠣᠳᠠᠰ ᠢ ᠳᠤᠷ᠎ᠠ ᠪᠠᠷ ᠢᠶᠠᠨ ᠣᠪᠣᠭᠠᠯᠠᠵᠤ ᠲᠠᠯᠪᠢᠬᠤ ᠶᠠᠪᠤᠳᠠᠯ ᠢ ᠢᠯᠭᠠᠷᠠᠭᠤᠯᠵᠤ᠂ ᠬᠤᠲᠠ ᠶᠢᠨ ᠳᠦᠷᠢ ᠲᠥᠷᠬᠦ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠡᠮᠬᠢ ᠵᠢᠷᠤᠮ ᠲᠠᠢ ᠪᠠᠶᠢᠬᠤ ᠶᠢ ᠦᠨᠡᠨᠬᠦ ᠪᠠᠳᠤᠯᠠᠪᠠ᠃ ᠡᠭᠦᠨ ᠠᠴᠠ ᠭᠠᠳᠠᠨ᠎ᠠ᠂ ᠬᠤᠯᠪᠣᠭᠳᠠᠯ ᠪᠥᠬᠦᠶ ᠬᠠᠮᠢᠶᠠᠷᠤᠯᠲᠠ ᠶᠢᠨ ᠳᠤᠭᠤᠶᠢᠯᠠᠩ ᠨᠢ ᠨᠢᠰᠬᠡᠯ ᠤᠨ ᠪᠠᠭᠤᠳᠠᠯ᠂ ᠭᠠᠯᠲᠤ ᠲᠡᠷᠭᠡᠨ ᠥᠷᠲᠡᠭᠡᠨ ᠤ ᠱᠤᠭᠤᠮ ᠳᠠᠭᠠᠤ ᠵᠢᠴᠢ ᠡᠷᠬᠢᠨ ᠲᠣᠭᠤᠷᠢᠨ ᠤ ᠲᠡᠷᠭᠡ ᠵᠣᠭᠰᠣᠭᠠᠬᠤ ᠬᠠᠮᠢᠶᠠᠷᠤᠯᠲᠠ ᠪᠠ ᠬᠤᠲᠠ ᠶᠢᠨ ᠳᠦᠷᠢ ᠲᠥᠷᠬᠦ ᠶᠢᠨ ᠠᠷᠢᠭᠤᠨ ᠴᠡᠪᠡᠷ ᠢ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ ᠴᠢᠩᠭᠠᠳᠬᠠᠪᠠ᠃ ᠲᠣᠰ ᠤᠳᠠᠭᠠᠨ ᠤ ᠠᠵᠢᠯᠯᠠᠭ᠎ᠠ ᠳᠤ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠬᠡᠷᠡᠭᠵᠢᠭᠦᠯᠬᠦ ᠠᠩᠭᠢ ᠶᠢᠨ ᠭᠡᠰᠢᠭᠦᠨ ᠴᠠᠭ ᠨᠡᠮᠡᠵᠦ ᠠᠵᠢᠯᠯᠠᠨ᠂ ᠡᠭᠦᠷᠭᠡ ᠲᠤᠰᠢᠶᠠᠯ ᠢᠶᠠᠨ ᠬᠢᠴᠢᠶᠡᠩᠭᠦ᠋ᠢᠯᠡᠨ ᠬᠦᠢᠴᠡᠳᠬᠡᠵᠦ᠂ ᠠᠵᠢᠯᠯᠠᠭ᠎ᠠ ᠶᠢᠨ ᠵᠠᠮ ᠳᠠᠭᠠᠤ ᠵᠢᠴᠢ ᠲᠤᠬᠠᠶ ᠶᠢᠨ ᠲᠠᠯᠠᠪᠠᠶ ᠶᠢᠨ ᠡᠷᠬᠢᠨ ᠲᠣᠭᠤᠷᠢᠨ ᠤ ᠬᠤᠲᠠ ᠶᠢᠨ ᠳᠦᠷᠢ ᠲᠥᠷᠬᠦ ᠣᠷᠴᠢᠨ ᠲᠣᠭᠤᠷᠢᠨ ᠤ ᠡᠮᠬᠢ ᠳᠢᠭᠯᠢᠮ ᠢ ᠪᠥᠬᠦ ᠬᠦᠴᠦᠨ ᠢᠶᠠᠷ ᠢᠶᠠᠨ ᠴᠡᠭᠴᠡᠯᠡᠨ ᠵᠢᠷᠤᠮᠵᠢᠭᠤᠯᠵᠤ᠂ ᠠᠵᠢᠯᠯᠠᠭ᠎ᠠ ᠶᠢᠨ ᠤᠷᠤᠭᠰᠢᠲᠠᠶ ᠶᠠᠪᠤᠭᠳᠠᠬᠤ ᠶᠢ ᠪᠠᠲᠤᠯᠠᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号