ᠡᠵᠡᠨ ᠬᠤᠷᠤᠭ᠎ᠠ ᠬᠤᠰᠢᠭᠤᠨ ᠤ ᠥᠪᠡᠷᠮᠢᠴᠡ ᠦᠵᠡᠮᠵᠢ ᠱᠤᠭ ᠵᠦᠴᠦᠭᠡ ᠨᠢ ᠬᠤᠲᠠ ᠶᠢᠨ ᠦᠨᠦᠷ ᠠᠮᠲᠠ ᠶᠢ ᠳᠡᠭᠡᠭᠰᠢᠯᠡᠭᠦᠯᠪᠡ
ᠨᠡᠶᠢᠲᠡᠯᠡᠭᠰᠡᠨ ᠴᠠᠭ᠄
2022/7/28
      ᠡᠵᠡᠨ ᠬᠤᠷᠤᠭ᠎ᠠ ᠬᠤᠰᠢᠭᠤᠨ ᠤ ᠴᠡᠴᠡᠷᠯᠢᠭᠵᠢᠬᠦᠯᠬᠡ ᠨᠣᠭᠤᠭᠠᠷᠠᠭᠤᠯᠤᠯᠲᠠ ᠶᠢᠨ ᠲᠥᠪ ᠨᠢ ᠴᠡᠴᠡᠭ ᠤᠨ ᠲᠡᠯᠡᠶ ᠶᠢᠨ ᠦᠵᠡᠮᠵᠢ ᠶᠢᠨ ᠪᠡᠶ᠎ᠡ ᠪᠠᠨ ᠳᠠᠭᠠᠭᠠᠭᠰᠠᠨ ᠪᠦᠲᠦᠭᠡᠯᠴᠢ ᠰᠡᠳᠬᠢᠮᠵᠢ ᠲᠠᠢ ᠤᠶᠠᠯᠳᠤᠭᠤᠯᠤᠨ᠂ ᠴᠡᠴᠡᠷᠯᠢᠭ ᠤᠨ ᠦᠵᠡᠮᠵᠢ ᠶᠢᠨ ᠱᠤᠭ ᠵᠦᠴᠦᠭᠡ ᠪᠠᠨ ᠮᠠᠨᠠᠨᠲᠤ ᠣᠶ ᠰᠢᠭᠤᠶ ᠶᠢᠨ ᠰᠢᠰᠲ᠋ᠧᠮ ᠲᠠᠢ ᠪᠦᠷᠢᠨ ᠲᠡᠭᠦᠯᠳᠡᠷ ᠤᠶᠠᠯᠳᠤᠭᠤᠯᠵᠤ᠂ ᠪᠦᠲᠦᠭᠡᠯᠴᠢ ᠴᠡᠴᠡᠷᠯᠢᠭ ᠤᠨ ᠦᠵᠡᠮᠵᠢ ᠶᠢ ᠡᠭᠦᠳᠴᠦ᠂ ᠬᠤᠲᠠ ᠶᠢᠨ ᠬᠥᠮᠦᠰ ᠤᠨ ᠪᠠᠶᠢᠭᠠᠯᠢ ᠶᠢ ᠪᠡᠶᠡᠴᠢᠯᠡᠨ ᠣᠶᠢᠯᠠᠭᠠᠬᠤ ᠬᠦᠰᠡᠯ ᠡᠷᠡᠮᠡᠯᠵᠡᠯ ᠢ ᠬᠠᠩᠭᠠᠬᠤ ᠶᠢᠨ ᠬᠠᠮᠲᠤ ᠬᠤᠲᠠ ᠶᠢᠨ ᠴᠢᠭᠢᠭ ᠤᠨ ᠬᠡᠮᠵᠢᠶ᠎ᠡ ᠶᠢ ᠳᠡᠭᠡᠭᠰᠢᠯᠡᠭᠦᠯᠵᠦ᠂ ᠠᠭᠠᠷ ᠤᠨ ᠬᠥᠪᠦᠮᠡᠯ ᠲᠣᠭᠤᠰᠣ ᠶᠢ ᠪᠠᠭᠠᠰᠬᠠᠨ᠎ᠠ᠃      ︽ᠮᠡᠨᠡᠠ ᠬᠦᠳᠡᠩ︾᠎ ᠤᠨ ᠲᠥᠬᠦᠭᠡᠷᠦᠮᠵᠢ ᠶᠢᠨ ᠴᠡᠪᠡᠷ ᠤᠰᠤ ᠨᠢ ᠳ᠋ᠢᠶᠠᠮᠧᠲᠷ ᠨᠢ ᠲᠦᠢᠯ ᠤᠨ ᠪᠠᠭ᠎ᠠ ᠪᠢᠴᠢᠯ ᠮᠥᠬᠦᠯᠢᠭ ᠢᠶᠠᠷ ᠠᠭᠠᠷ ᠳᠣᠲᠣᠷ᠎ᠠ ᠣᠷᠣᠰᠢᠵᠤ᠂ ᠴᠠᠭᠠᠨ ᠬᠦᠳᠡᠩ ᠮᠠᠨᠠᠨ ᠰᠢᠭ᠋ ᠬᠠᠴᠢᠨ ᠭᠠᠶᠢᠬᠠᠯᠲᠠᠶ ᠦᠵᠡᠮᠵᠢ ᠶᠢ ᠪᠦᠷᠢᠯᠳᠦᠭᠦᠯᠵᠦ᠂ ᠪᠠᠶᠢᠭᠠᠯᠢ ᠶᠢᠨ ᠮᠡᠨᠡᠠ ᠰᠢᠭ᠋ ᠠᠭᠰᠢᠭᠠᠭᠠᠳ ︽ᠮᠡᠨᠡᠠ ᠲᠠᠢ ᠤᠢ ᠰᠢᠭᠤᠶ︾ ᠮᠡᠲᠦ ᠪᠠᠶᠢᠳᠠᠭ᠃ ᠬᠥᠮᠦᠰ ᠬᠤᠯᠠ ᠠᠴᠠ ᠰᠣᠨᠢᠷᠬᠠᠵᠤ ᠪᠣᠯᠬᠤ ᠪᠠᠷ ᠪᠠᠷᠠᠬᠤ ᠦᠭᠡᠶ᠂ ᠨᠡᠩ ᠴᠤ ᠪᠦᠷᠦᠭ ᠪᠠᠷᠤᠭ ᠬᠦᠳᠡᠩ ᠮᠠᠨᠠᠨ ᠤ ᠳᠤᠮᠳᠠ ᠵᠣᠭᠰᠣᠵᠤ᠂ ᠰᠢᠨ᠎ᠡ ᠰᠣᠷᠭᠤᠭ ᠠᠭᠠᠷ ᠢ ᠠᠮᠢᠰᠬᠤᠵᠤ ᠪᠣᠯᠤᠨ᠎ᠠ᠃ ᠲᠣᠰ ᠤᠳᠠᠭᠠᠨ ᠤ ᠦᠵᠡᠭᠦᠯᠦᠯᠭᠡ ᠳᠤ ᠨᠡᠶᠢᠲᠡ 5 ᠢᠵᠢ ᠮᠠᠨᠠᠨᠲᠤ ᠣᠶ ᠰᠢᠭᠤᠶ ᠶᠢᠨ ᠰᠢᠰᠲ᠋ᠧᠮ ᠢ ᠬᠡᠷᠡᠭᠯᠡᠵᠦ᠂ ᠪᠠᠷᠤᠭ 1000 ᠭᠠᠷᠤᠶ ᠰᠦᠷᠴᠢᠭᠦᠷ ᠲᠠᠢ᠃ ᠰᠢᠨ᠎ᠡ ᠶᠢ ᠡᠭᠦᠳᠦᠭᠰᠡᠨ ᠵᠢᠷᠤᠭ ᠲᠥᠯᠥᠪᠯᠡᠭᠡ ᠨᠢ ᠮᠠᠨᠠᠨᠲᠤ ᠡᠭᠦᠳᠡ ᠨᠢ ᠨᠢᠭᠡᠨᠲᠡ ᠪᠠᠰᠠ ᠨᠢᠭᠡᠨ ᠰᠢᠨ᠎ᠡ ᠰᠡᠪᠡᠭᠦᠨ ᠦᠵᠡᠮᠵᠢ ᠪᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号