ᠡᠵᠡᠨ ᠬᠤᠷᠤᠭ᠎ᠠ ᠬᠤᠰᠢᠭᠤ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2022/7/28
    ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠬᠡᠪᠰᠢᠭᠰᠡᠨ᠂ ᠳᠦᠷᠢᠮᠵᠢᠭᠰᠡᠨ ᠬᠢᠨᠠᠨ ᠪᠤᠳᠤᠯᠲᠠ ᠶᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠡᠵᠡᠨ ᠬᠤᠷᠤᠭ᠎ᠠ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠪᠥᠬᠦ ᠬᠤᠰᠢᠭᠤᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠡᠯ᠎ᠡ ᠪᠠᠯᠭᠠᠰᠤ᠂ ᠡᠯ᠎ᠡ ᠰᠠᠯᠠᠭ᠎ᠠ ᠮᠥᠴᠢᠷ᠂ ᠡᠯ᠎ᠡ ᠤᠯᠤᠰ ᠤᠨ ᠥᠮᠴᠢᠯᠡᠯᠲᠦ ᠠᠵᠤ ᠠᠬᠤᠶᠢᠯᠠᠯ ᠵᠡᠷᠭᠡ 99 ᠨᠢᠬᠡᠴᠢ ᠶᠢᠨ ᠳᠣᠲᠣᠭᠠᠳᠤ ᠶᠢᠨ ᠬᠢᠨᠠᠨ ᠪᠤᠳᠤᠬᠤ ᠠᠵᠢᠯᠲᠠᠳ ᠬᠤᠷᠠᠯ ᠳᠤ ᠣᠷᠣᠯᠴᠠᠪᠠ᠃      ᠬᠤᠷᠠᠯ ᠠᠴᠠ 2021 ᠣᠨ ᠤ ᠪᠥᠬᠦ ᠬᠤᠰᠢᠭᠤᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠳ᠋ᠦᠩᠨᠡᠨ ᠡᠷᠭᠢᠴᠡᠭᠦᠯᠵᠦ᠂ ᠬᠤᠰᠢᠭᠤ ᠨᠠᠮ ᠤᠨ ᠬᠤᠷᠢᠶᠠᠨ ᠤ ᠬᠢᠨᠠᠨ ᠪᠤᠳᠤᠬᠤ ᠵᠥᠪᠯᠡᠯ ᠪᠠ ᠪᠥᠬᠦ ᠬᠤᠰᠢᠭᠤᠨ ᠤ ᠬᠢᠨᠠᠨ ᠪᠤᠳᠤᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠠᠷᠠᠭᠠᠴᠢ ᠶᠢᠨ ᠠᠯᠬᠤᠮ ᠤᠨ ᠪᠥᠬᠦ ᠬᠤᠰᠢᠭᠤᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠬᠤᠷᠠᠯ ᠳᠡᠭᠡᠷ᠎ᠡ᠂ ᠬᠤᠰᠢᠭᠤᠨ ᠤ ᠡᠨᠧᠷᠭᠢ ᠶᠢᠨ ᠪᠦᠯᠦᠭᠯᠡᠯ ᠪᠣᠯᠤᠨ ᠬᠤᠲᠠ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠬᠤᠶᠠᠷ ᠬᠤᠰᠢᠭᠤᠨ ᠤ ᠬᠠᠷᠢᠶ᠎ᠠ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠬᠢᠨᠠᠨ ᠪᠤᠳᠤᠬᠤ ᠬᠢᠨᠠᠨ ᠪᠠᠶᠢᠴᠠᠭᠠᠬᠤ ᠭᠠᠵᠠᠷ ᠤᠨ ᠬᠠᠷᠢᠭᠤᠴᠠᠯᠭᠠᠲᠠᠨ 2021 ᠣᠨ ᠤ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠪᠠᠶᠢᠳᠠᠯ ᠤᠨ ᠲᠤᠬᠠᠶ ᠰᠠᠨᠠᠯ ᠢᠶᠠᠨ ᠰᠣᠯᠢᠯᠴᠠᠬᠤ ᠦᠭᠡ ᠬᠡᠯᠡᠪᠡ᠃ ᠬᠢᠨᠠᠨ ᠪᠤᠳᠤᠬᠤ ᠲᠣᠪᠴᠢᠶ᠎ᠠ ᠶᠢᠨ ᠡᠳ᠋ ᠤᠨ ᠶᠠᠪᠤᠳᠠᠯ ᠤᠨ ᠬᠢᠨᠠᠨ ᠪᠤᠳᠤᠬᠤ ᠭᠤᠷᠪᠠᠳᠤᠭᠠᠷ ᠲᠠᠰᠤᠭ ᠤᠨ ᠬᠠᠷᠢᠭᠤᠴᠠᠯᠭᠠᠲᠠᠨ ᠵᠧᠤ ᠬᠤᠶ 2022 ᠣᠨ ᠤ ᠵᠠᠰᠠᠭ ᠵᠠᠬᠢᠷᠭᠠᠨ ᠤ ᠠᠵᠢᠯ ᠦᠢᠯᠡᠰ ᠵᠢᠴᠢ ᠤᠯᠤᠰ ᠤᠨ ᠦᠮᠴᠢᠯᠡᠯᠳᠦ ᠠᠵᠤ ᠠᠬᠤᠶᠢᠯᠠᠯ ᠤᠨ ᠳᠣᠲᠣᠭᠠᠳᠤ ᠶᠢᠨ ᠬᠢᠨᠠᠨ ᠪᠤᠳᠤᠬᠤ ᠠᠵᠢᠯ ᠤᠨ ᠲᠤᠬᠠᠶ ᠨᠠᠷᠢᠨ ᠲᠠᠶᠢᠯᠤᠮᠵᠢ ᠬᠢᠪᠠ᠃      ᠬᠤᠷᠠᠯ ᠠᠴᠠ᠂ ᠳᠣᠲᠣᠭᠠᠳᠤ ᠬᠢᠨᠠᠯᠲᠠ ᠶᠢᠨ ᠠᠵᠢᠯ ᠪᠣᠯ ᠬᠢᠨᠠᠨ ᠪᠤᠳᠤᠬᠤ ᠠᠵᠢᠯ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠬᠢᠨᠠᠨ ᠪᠤᠳᠤᠬᠤ ︽ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ︾ ᠦᠢᠯᠡᠳᠦᠯ ᠢ ᠪᠠᠳᠠᠷᠠᠭᠤᠯᠬᠤ ᠴᠢᠬᠤᠯᠠ ᠠᠷᠭ᠎ᠠ ᠪᠠᠷᠢᠯ ᠮᠥᠨ᠂ ᠡᠯ᠎ᠡ ᠳᠣᠲᠣᠭᠠᠳᠤ ᠬᠢᠨᠠᠯᠲᠠ ᠶᠢᠨ ᠪᠠᠶᠢᠭᠤᠯᠤᠮᠵᠢ ᠶᠢᠨ ᠬᠢᠨ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠳᠤᠤᠷᠠᠬᠢ ᠬᠡᠳᠦᠨ ᠲᠠᠯ᠎ᠠ ᠶᠢ ᠦᠨᠡᠨ ᠬᠦ ᠪᠡᠶᠡᠯᠡᠭᠦᠯᠬᠦ ᠬᠡᠷᠡᠭᠲᠡᠶ᠄ ᠨᠢᠭᠡ ᠳᠤ ᠬᠠᠮᠢᠶ᠎ᠠ ᠪᠥᠬᠦᠶ ᠠᠷᠭ᠎ᠠ ᠵᠢᠴᠢ ᠰᠠᠨᠠᠯ ᠢ ᠨᠠᠷᠢᠨ ᠬᠢᠨᠠᠮᠠᠭᠠᠶ ᠰᠤᠷᠤᠯᠴᠠᠵᠤ᠂ ᠬᠤᠷᠠᠯ ᠳᠡᠭᠡᠷ᠎ᠡ ᠨᠢᠭᠡᠳᠦᠯᠲᠡᠶ ᠰᠤᠷᠤᠯᠴᠠᠬᠤ ᠪᠠᠷ ᠪᠠᠷᠠᠬᠤ ᠥᠬᠡᠶ ᠨᠠᠩ ᠴᠤ ᠬᠤᠷᠠᠯ ᠤᠨ ᠳᠠᠷᠠᠭ᠎ᠠ ᠨᠠᠷᠢᠨ ᠬᠢᠨᠠᠮᠠᠭᠠᠶ ᠤᠩᠰᠢᠵᠤ᠂ ᠨᠠᠷᠢᠨ ᠬᠢᠨᠠᠮᠠᠭᠠᠶ ᠰᠤᠳᠤᠯᠬᠤ ᠬᠡᠷᠡᠭᠲᠡᠶ︔ ᠬᠤᠶᠠᠷ ᠲᠤ ᠬᠤᠯᠪᠣᠭᠳᠠᠯ ᠪᠦᠬᠦᠢ ᠠᠷᠭ᠎ᠠ ᠵᠢᠴᠢ ᠰᠠᠨᠠᠯ ᠢ ᠦᠨᠡᠨ ᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠳᠣᠲᠣᠭᠠᠳᠤ ᠰᠢᠭᠦᠯᠲᠡ ᠶᠢᠨ ᠡᠭᠦᠷᠭᠡ ᠴᠢᠳᠠᠪᠤᠷᠢ ᠶᠢ ᠲᠡᠭᠦᠯᠳᠡᠷᠵᠢᠭᠦᠯᠦᠨ᠂ ᠳᠣᠲᠣᠭᠠᠳᠤ ᠰᠢᠭᠦᠯᠲᠡ ᠶᠢᠨ ᠦᠢᠯᠡᠳᠦᠯ ᠢ ᠳᠡᠭᠡᠭᠰᠢᠯᠡᠭᠦᠯᠦᠨ᠎ᠡ︔ ᠭᠤᠷᠪᠠ ᠳᠤ᠂ ︽ᠬᠢᠨᠠᠨ ᠪᠤᠳᠤᠯᠲᠠ ᠪᠠᠷ ᠪᠣᠯᠪᠠᠰᠤᠷᠠᠯ ᠢ ᠣᠷᠣᠯᠠᠭᠤᠯᠬᠤ︾ ᠠᠵᠢᠯ ᠢ ᠥᠷᠨᠢᠭᠦᠯᠵᠦ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠡᠨᠡ ᠵᠢᠯ ᠳᠣᠲᠣᠭᠠᠳᠤ ᠬᠢᠨᠠᠨ ᠪᠤᠳᠤᠯᠲᠠ ᠶᠢᠨ ᠠᠵᠢᠯᠲᠠᠨ ᠢ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠲᠥᠷᠥᠯ ᠵᠦᠢᠯ ᠳᠤ ᠣᠷᠣᠯᠴᠠᠭᠤᠯᠵᠤ᠂ ᠳᠣᠲᠣᠭᠠᠳᠤ ᠬᠢᠨᠠᠨ ᠪᠤᠳᠤᠯᠲᠠ ᠶᠢᠨ ᠠᠵᠢᠯᠲᠠᠨ ᠤ ᠬᠢᠨᠠᠨ ᠪᠤᠳᠤᠯᠲᠠ ᠶᠢᠨ ᠲᠤᠷᠰᠢᠯᠭ᠎ᠠ ᠶᠢ ᠪᠠᠶᠠᠯᠢᠭᠵᠢᠭᠤᠯᠵᠤ᠂ ᠳᠣᠲᠣᠭᠠᠳᠤ ᠬᠢᠨᠠᠨ ᠪᠤᠳᠤᠯᠲᠠ ᠶᠢᠨ ᠠᠵᠢᠯᠲᠠᠨ ᠤ ᠬᠢᠨᠠᠨ ᠪᠤᠳᠤᠯᠲᠠ ᠶᠢᠨ ᠤᠷ᠎ᠠ ᠴᠢᠳᠠᠪᠤᠷᠢ ᠶᠢ ᠳᠡᠭᠡᠭᠰᠢᠯᠡᠭᠦᠯᠬᠦ ᠪᠠᠷ ᠲᠥᠯᠥᠪᠯᠡᠵᠦ ᠪᠠᠶᠢᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号