ᠡᠵᠡᠨ ᠬᠤᠷᠤᠭ᠎ᠠ ᠬᠤᠰᠢᠭᠤ 700 ᠲᠦᠮᠡᠨ ᠲᠥᠭᠦᠷᠢᠭ ᠤᠨ ᠪᠠᠯᠠ ᠣᠷᠣᠭᠤᠯᠵᠤ ᠭᠠᠩ ᠬᠠᠭᠰᠠᠷᠠᠭᠠᠨ ᠲᠠᠢ ᠲᠡᠮᠡᠴᠡᠵᠦ ᠠᠮᠤ ᠪᠤᠳᠠᠭ᠎ᠠ ᠶᠢ ᠪᠠᠲᠤᠯᠠᠬᠤ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠪᠠ
ᠨᠡᠶᠢᠲᠡᠯᠡᠭᠰᠡᠨ ᠴᠠᠭ᠄
2022/7/28
     ᠥᠨᠳᠥᠷ ᠳᠤᠯᠠᠭᠠᠨ ᠪᠣᠷᠣᠭᠠᠨ ᠪᠠᠭ᠎ᠠ ᠴᠠᠭ ᠠᠭᠤᠷ ᠤᠨ ᠨᠥᠯᠥᠭᠡ ᠠᠴᠠ ᠪᠣᠯᠵᠣ᠂ 2022 ᠣᠨ ᠠᠴᠠ ᠨᠠᠰᠢ᠂ ᠡᠵᠡᠨ ᠬᠤᠷᠤᠭ᠎ᠠ ᠬᠤᠰᠢᠭᠤᠨ ᠳᠤ ᠬᠤᠷ᠎ᠠ ᠲᠤᠨᠳᠠᠰᠤ ᠪᠠᠭ᠎ᠠ᠂ ᠲᠠᠷᠢᠮᠠᠯ ᠬᠦᠨᠳᠦ ᠨᠣᠴᠢᠲᠠᠶ ᠭᠠᠩᠳᠠᠭᠰᠠᠨ ᠪᠠᠶᠢᠨ᠎ᠠ᠃ ᠭᠠᠩ ᠬᠠᠭᠰᠠᠷᠠᠭᠠᠨ ᠠᠴᠠ ᠰᠡᠷᠭᠡᠢᠯᠡᠬᠦ ᠪᠠ ᠰᠢᠢᠳᠪᠦᠷᠢᠯᠡᠬᠦ ᠠᠵᠢᠯ ᠢ ᠪᠦᠲᠦᠮᠵᠢᠲᠡᠢ ᠰᠠᠢᠲᠤᠷ ᠬᠢᠵᠦ᠂ ᠭᠠᠩ ᠬᠠᠭᠰᠠᠷᠠᠭᠠᠨ ᠤ ᠬᠤᠬᠢᠷᠠᠯ ᠢ ᠬᠠᠮᠤᠭ ᠶᠡᠭᠡ ᠬᠡᠮᠵᠢᠶ᠎ᠡ ᠪᠠᠷ ᠪᠠᠭᠠᠰᠬᠠᠬᠤ ᠶᠢᠨ ᠲᠥᠯᠥᠭᠡ᠂ ᠡᠵᠡᠨ ᠬᠤᠷᠤᠭ᠎ᠠ ᠬᠤᠰᠢᠭᠤ ᠨᠢ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠭᠠᠩ ᠬᠠᠭᠰᠠᠷᠠᠭᠠᠨ ᠲᠠᠢ ᠲᠡᠮᠡᠴᠡᠬᠦ ᠪᠡᠯᠡ ᠮᠥᠩᠭᠦ 700 ᠲᠦᠮᠡᠨ ᠲᠥᠭᠦᠷᠢᠭ ︵ᠬᠤᠲᠠ ᠶᠢᠨ ᠲᠡᠰ ᠤᠨ 500 ᠲᠦᠮᠡᠨ ᠲᠥᠭᠦᠷᠢᠭ᠂ ᠬᠤᠰᠢᠭᠤᠨ ᠤ ᠲᠡᠰ ᠤᠨ 200 ᠲᠦᠮᠡᠨ ᠲᠥᠭᠦᠷᠢᠭ︶ ᠣᠯᠵᠤ᠂ ᠭᠠᠩ ᠬᠠᠭᠰᠠᠷᠠᠭᠠᠨ ᠲᠠᠢ ᠲᠡᠮᠡᠴᠡᠵᠦ ᠠᠮᠤ ᠪᠤᠳᠠᠭ᠎ᠠ ᠶᠢ ᠪᠠᠲᠤᠯᠠᠬᠤ ᠠᠵᠢᠯ ᠢ ᠪᠦᠬᠦ ᠬᠦᠴᠦᠨ ᠢᠶᠠᠷ ᠥᠷᠨᠢᠭᠦᠯᠪᠡ᠃      6 ᠰᠠᠷ᠎ᠠ ᠶᠢᠨ 18᠎ ᠤ ᠡᠳᠦᠷ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠯ᠎ᠡ ᠪᠠᠯᠭᠠᠰᠤᠨ ᠤ ᠵᠠᠰᠠᠭ ᠤᠨ ᠣᠷᠳᠣᠨ ᠤ ᠬᠠᠷᠢᠭᠤᠴᠠᠯᠭᠠᠲᠠᠨ ᠢ ᠴᠤᠭᠯᠠᠭᠤᠯᠤᠨ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠭᠠᠩ ᠬᠠᠭᠰᠠᠷᠠᠭᠠᠨ ᠲᠠᠢ ᠲᠡᠮᠡᠴᠡᠬᠦ ᠪᠠᠯᠠ ᠮᠥᠩᠭᠦ ᠶᠢ ᠶᠠᠷᠢᠯᠴᠠᠨ ᠨᠠᠶᠢᠳᠠᠪᠤᠷᠢᠵᠢᠭᠤᠯᠪᠠ᠃ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠪᠠᠯᠠ ᠮᠥᠩᠭᠦ ᠶᠢᠨ ᠬᠡᠷᠡᠭᠯᠡᠯᠲᠡ ᠳᠤ ᠮᠠᠯᠴᠢᠨ ᠲᠠᠷᠢᠶᠠᠴᠢᠨ ᠤ ᠪᠠᠴᠢᠮ ᠬᠦᠴᠢᠷ ᠵᠣᠪᠠᠭᠤᠷᠢ ᠲᠠᠢ ᠬᠦᠰᠡᠨ ᠬᠦᠯᠢᠶᠡᠵᠦ ᠪᠠᠶᠢᠭ᠎ᠠ ᠠᠰᠠᠭᠤᠳᠠᠯ ᠢ ᠴᠢᠩᠭ᠎ᠠ ᠠᠩᠬᠠᠷᠴᠣ᠂ ᠪᠡᠯᠡ ᠮᠥᠩᠭᠦ ᠬᠡᠷᠡᠭᠯᠡᠬᠦ ᠴᠢᠭᠯᠡᠯ ᠤᠨ ᠲᠠᠯ᠎ᠠ ᠪᠠᠷ ᠣᠳᠣᠬᠠᠨ ᠤ ᠭᠠᠴᠠᠭ᠎ᠠ ᠲᠣᠰᠬᠤᠨ ᠤ ᠪᠠᠴᠢᠮ ᠰᠢᠢᠳᠪᠦᠷᠢᠯᠡᠬᠦ ᠴᠢᠬᠤᠯᠠᠲᠠᠶ ᠬᠠᠮᠲᠤ ᠶᠢᠨ ᠤᠰᠤᠯᠠᠯᠲᠠ ᠶᠢᠨ ᠬᠦᠴᠦᠳᠡᠯ ᠥᠭᠡᠷᠡᠴᠢᠯᠡᠭᠴᠢ ᠶᠢᠨ ᠪᠠᠭᠲᠠᠭᠠᠮᠵᠢ ᠶᠢ ᠥᠷᠭᠡᠳᠬᠡᠬᠦ ᠶᠠᠪᠤᠳᠠᠯ ᠢ ᠭᠤᠤᠯᠳᠠᠯᠭ᠎ᠠ ᠲᠠᠢ ᠰᠢᠢᠳᠪᠦᠷᠢᠯᠡᠵᠤ᠂ ᠳᠣᠣᠷ᠎ᠠ ᠬᠦᠴᠦᠳᠡᠯᠲᠦ ᠴᠠᠬᠢᠯᠭᠠᠨ ᠬᠦᠴᠦᠨ ᠤ ᠱᠤᠭᠤᠮ ᠤᠨ ᠤᠷᠲᠤᠳᠬᠠᠯ᠂ ᠤᠰᠤᠨ ᠬᠥᠭᠡᠷᠭᠡ ᠰᠡᠯᠪᠢᠨ ᠵᠠᠰᠠᠬᠤ᠂ ᠭᠠᠩ ᠲᠠᠢ ᠲᠡᠮᠡᠴᠡᠬᠦ ᠮᠠᠰᠢᠨ ᠴᠠᠬᠢᠯᠭᠠᠨ ᠬᠤᠳᠳᠤᠭ ᠰᠡᠯᠪᠢᠨ ᠵᠠᠰᠠᠬᠤ ᠭᠠᠵᠠᠷ᠂ ᠲᠠᠷᠢᠶᠠᠯᠠᠩ ᠤᠨ ᠤᠰᠤᠯᠠᠯᠲᠠ ᠶᠢᠨ ᠬᠤᠭᠤᠯᠠᠶ ᠰᠡᠯᠪᠢᠨ ᠵᠠᠰᠠᠬᠤ ᠥᠭᠡᠷᠡᠴᠢᠯᠡᠯᠲᠡ᠂ ᠬᠥᠮᠦᠨ ᠮᠠᠯ ᠤᠨ ᠤᠤᠭᠤᠬᠤ ᠤᠰᠤᠨ ᠤ ᠢᠨᠵᠧᠨᠧᠷᠢᠩ ᠢ ᠥᠭᠡᠷᠡᠴᠢᠯᠡᠨ ᠰᠠᠶᠢᠵᠢᠷᠠᠭᠤᠯᠬᠤ ᠵᠢᠴᠢ ᠬᠥᠮᠦᠨ ᠤ ᠬᠦᠴᠦ ᠪᠠᠷ ᠪᠣᠷᠣᠭᠠᠨ ᠣᠷᠣᠭᠤᠯᠬᠤ ᠠᠵᠢᠯ᠂ ᠪᠡᠯᠡ ᠮᠥᠩᠭᠦ ᠬᠡᠷᠡᠭᠯᠡᠬᠦ ᠶᠠᠪᠤᠴᠠ ᠳᠤᠮᠳᠠ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠡᠯ᠎ᠡ ᠪᠠᠯᠭᠠᠰᠤᠨ ᠤ ᠭᠠᠩ ᠲᠠᠢ ᠲᠡᠮᠡᠴᠡᠬᠦ ᠠᠵᠢᠯ ᠢ ᠥᠷᠨᠢᠭᠦᠯᠦᠭᠰᠡᠨ ᠪᠠᠶᠢᠳᠠᠯ ᠪᠠ ᠪᠠᠯᠠ ᠮᠥᠩᠭᠦ ᠶᠢ ᠬᠡᠷᠡᠭᠯᠡᠭᠰᠡᠨ ᠪᠠᠶᠢᠳᠠᠯ ᠢ ᠮᠥᠷᠳᠡᠨ ᠰᠢᠮᠳᠠᠭᠤᠯᠤᠨ ᠪᠠᠶᠢᠴᠠᠭᠠᠨ᠎ᠠ᠂ ᠬᠢᠵᠠᠭᠠᠷ ᠲᠠᠢ ᠪᠡᠯᠡ ᠮᠥᠩᠭᠦ ᠶᠢ ᠴᠢᠬᠤᠯᠠ ᠭᠠᠵᠠᠷ ᠬᠡᠷᠡᠭᠯᠡᠬᠦ ᠶᠢ ᠪᠠᠳᠤᠯᠠᠪᠠ᠃  
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号