ᠡᠵᠡᠨ ᠬᠤᠷᠤᠭ᠎ᠠ ᠬᠤᠰᠢᠭᠤ ︽ᠭᠤᠷᠪᠠᠨ ᠠᠯᠬᠤᠮ ᠢᠶᠠᠷ ᠶᠠᠪᠤᠵᠤ︾ ᠵᠣᠨ ᠤ ᠤᠯᠠᠷᠢᠯ ᠤᠨ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠰᠠᠶᠢᠲᠤᠷ ᠬᠢᠵᠦ ᠣᠯᠠᠨ ᠲᠦᠮᠡᠨ ᠤ ᠶᠠᠪᠤᠵᠤ ᠰᠠᠭᠤᠬᠤ ᠳᠤ ᠦᠢᠯᠡᠴᠢᠯᠡᠭᠡ ᠬᠠᠩᠭᠠᠵᠤ ᠪᠠᠶᠢᠨ᠎ᠠ
ᠨᠡᠶᠢᠲᠡᠯᠡᠭᠰᠡᠨ ᠴᠠᠭ᠄
2022/7/28
     ᠵᠣᠨ ᠤ ᠤᠯᠠᠷᠢᠯ ᠳᠤ ᠠᠭᠠᠷ ᠤᠨ ᠳᠤᠯᠠᠭᠠᠨ ᠥᠨᠳᠥᠷ ᠢᠶᠠᠷ ᠪᠠᠷᠠᠬᠤ ᠥᠬᠡᠶ᠂ ᠪᠣᠷᠣᠭᠠᠨ ᠤ ᠤᠰᠤ ᠲᠥᠪᠯᠡᠷᠡᠵᠦ᠂ ᠵᠠᠰᠠᠮᠠᠯ ᠵᠠᠮ ᠤᠨ ᠬᠠᠵᠠᠭᠤ ᠬᠥᠲᠥᠯ᠂ ᠬᠥᠭᠦᠷᠭᠡᠨ ᠭᠤᠯᠳᠤᠩ ᠵᠡᠷᠭᠡ ᠭᠤᠤᠯᠳᠠᠯᠭ᠎ᠠ ᠲᠠᠢ ᠬᠡᠰᠡᠭ ᠨᠢ ᠠᠮᠠᠷᠬᠠᠨ ᠤᠰᠤᠨ ᠳᠤ ᠡᠪᠳᠡᠭᠳᠡᠵᠦ᠂ ᠬᠡᠰᠡᠭ ᠵᠠᠮ ᠤᠨ ᠬᠡᠰᠡᠭ ᠲᠤ ᠨᠡᠯᠢᠶᠡᠳ ᠠᠷᠪᠢᠨ ᠤᠰᠤ ᠲᠤᠨᠤᠵᠤ᠂ ᠵᠠᠮ ᠤᠨ ᠠᠮᠤᠷ ᠲᠦᠪᠰᠢᠨ ᠠᠵᠢᠯᠯᠠᠭᠠᠨ ᠢ ᠨᠥᠯᠥᠭᠡᠯᠡᠨ᠎ᠡ᠃ ᠣᠶᠢᠷ᠎ᠠ ᠶᠢᠨ ᠡᠳᠦᠷ᠂ ᠣᠷᠣᠨ ᠨᠤᠲᠤᠭ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠦᠢᠯᠡᠴᠢᠯᠡᠭᠡᠨ ᠤ ᠲᠥᠪ ᠨᠢ ᠵᠤᠨ ᠤ ᠤᠯᠠᠷᠢᠯ ᠤᠨ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠤᠨ ᠣᠨᠴᠠᠯᠢᠭ ᠲᠠᠢ ᠤᠶᠠᠯᠳᠤᠭᠤᠯᠤᠨ᠂ ︽ᠰᠡᠷᠭᠡᠶᠢᠯᠡᠬᠦ ᠪᠠᠷ ᠭᠤᠣᠯ ᠪᠣᠯᠭᠠᠬᠤ᠂ ᠰᠡᠷᠭᠡᠶᠢᠯᠡᠬᠦ ᠪᠠ ᠵᠠᠰᠠᠬᠤ ᠶᠢ ᠤᠶᠠᠯᠳᠤᠭᠤᠯᠬᠤ︾ ᠵᠠᠷᠴᠢᠮ ᠤᠨ ᠶᠣᠰᠣᠭᠠᠷ᠂ ᠤᠷᠢᠳᠴᠢᠯᠠᠨ ᠪᠡᠯᠡᠳᠬᠡᠵᠦ᠂ ᠰᠢᠨᠵᠢᠯᠡᠬᠦ ᠤᠬᠠᠭᠠᠨᠴᠢ ᠪᠠᠷ ᠪᠠᠶᠢᠷᠢᠯᠠᠭᠤᠯᠤᠨ᠂ ᠵᠤᠨ ᠤ ᠤᠯᠠᠷᠢᠯ ᠤᠨ ᠪᠦᠬᠦ ᠬᠤᠰᠢᠭᠤᠨ ᠤ ᠬᠥᠳᠡᠭᠡ ᠲᠣᠰᠬᠤᠨ ᠤ ᠵᠠᠰᠠᠮᠠᠯ ᠵᠠᠮ ᠠᠷᠠᠴᠢᠯᠠᠨ ᠬᠠᠮᠠᠭᠠᠯᠠᠬᠤ ᠠᠵᠢᠯ ᠢ ᠬᠢᠨᠠᠮᠠᠭᠠᠶ ᠥᠷᠨᠢᠭᠦᠯᠵᠦ᠂ ᠵᠠᠰᠠᠮᠠᠯ ᠵᠠᠮ ᠤᠨ ᠠᠮᠤᠷ ᠲᠦᠪᠰᠢᠨ ᠰᠠᠭᠠᠳ ᠦᠭᠡᠶ ᠨᠡᠪᠲᠡᠷᠡᠬᠦ ᠶᠢ ᠦᠨᠡᠨᠬᠦ ᠪᠠᠲᠤᠯᠠᠵᠤ ᠪᠠᠶᠢᠨ᠎ᠠ᠃      ᠨᠢᠭᠡ ᠳᠤ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠠᠵᠢᠯ ᠢ ᠴᠢᠩᠭᠠᠳᠬᠠᠨ᠎ᠠ᠃      ᠬᠤᠶᠠᠷ ᠲᠤ ᠠᠮᠤᠷ ᠲᠦᠪᠰᠢᠨ ᠤ ᠳᠠᠯᠳᠠ ᠭᠡᠮ ᠢ ᠵᠢᠭᠰᠠᠭᠠᠨ ᠪᠠᠶᠢᠴᠠᠭᠠᠨ᠎ᠠ᠃      ᠭᠤᠷᠪᠠ ᠳᠤ ᠪᠠᠴᠢᠮ ᠪᠠᠶᠢᠳᠠᠯ ᠢ ᠠᠷᠭᠠᠴᠠᠬᠤ ᠪᠠᠲᠤᠯᠠᠭ᠎ᠠ ᠶᠢᠨ ᠠᠵᠢᠯ ᠢ ᠴᠢᠩᠭᠠᠳᠬᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号