ᠡᠵᠡᠨ ᠬᠤᠷᠤᠭ᠎ᠠ ᠬᠤᠰᠢᠭᠤᠨ ᠤ ᠬᠤᠲᠠ ᠪᠠᠯᠭᠠᠰᠤᠨ ᠤ ᠲᠥᠯᠥᠪᠵᠢᠭᠦᠯᠭᠡ ᠶᠢ ᠬᠡᠷᠡᠭᠵᠢᠭᠦᠯᠬᠦ 2022 ᠣᠨ ᠤ ᠵᠢᠷᠭᠤᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠯᠡᠬᠡᠨ ᠤ ᠭᠠᠵᠠᠷ ᠰᠢᠷᠣᠶ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢ ᠤᠯᠪᠠ
ᠨᠡᠶᠢᠲᠡᠯᠡᠭᠰᠡᠨ ᠴᠠᠭ᠄
2022/7/28
     ᠡᠵᠡᠨ ᠬᠤᠷᠤᠭ᠎ᠠ ᠬᠤᠰᠢᠭᠤ ᠬᠤᠲᠠ ᠪᠠᠯᠭᠠᠰᠤᠨ ᠤ ᠲᠥᠯᠥᠪᠵᠢᠭᠦᠯᠭᠡ ᠶᠢ ᠬᠡᠷᠡᠭᠵᠢᠭᠦᠯᠬᠦ 2022 ᠣᠨ ᠤ ᠵᠢᠷᠭᠤᠳᠤᠭᠠᠷ ᠪᠦᠯᠦᠭ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠯᠡᠬᠡᠨ ᠤ ᠭᠠᠵᠠᠷ ᠤᠨ ᠲᠥᠷᠥᠯ ᠵᠦᠢᠯ ᠨᠢ ᠡᠵᠡᠨ ᠬᠤᠷᠤᠭ᠎ᠠ ᠬᠤᠰᠢᠭᠤᠨ ᠤ ᠬᠢᠯᠢ ᠳᠣᠲᠣᠷ᠎ᠠ ᠪᠠᠶᠢᠵᠤ᠂ ᠡᠵᠡᠯᠡᠵᠦ ᠪᠠᠶᠢᠭ᠎ᠠ ᠭᠠᠵᠠᠷ ᠰᠢᠷᠣᠶ ᠨᠢ ᠨᠠᠷᠢᠨ ᠲᠣᠬᠤᠶ ᠪᠠᠯᠭᠠᠰᠤᠨ ᠤ ᠨᠠᠭᠤᠷ ᠤᠨ ᠬᠤᠭᠤᠯᠠᠶ ᠲᠣᠰᠬᠤᠨ ᠳᠤ ᠪᠠᠶᠢᠵᠤ᠂ ᠲᠥᠷᠥᠯ ᠵᠦᠢᠯ ᠭᠤᠶᠤᠴᠢᠯᠠᠬᠤ ᠭᠠᠵᠠᠷ ᠰᠢᠷᠣᠶ ᠶᠢᠨ ᠶᠡᠷᠦᠩᠬᠡᠶ ᠲᠠᠯᠠᠪᠠᠶ ᠨᠢ 44 . 2158 ᠾᠧᠺᠲ᠋ᠠᠷ ᠪᠣᠯᠤᠨ᠎ᠠ᠃ ᠡᠨᠡ ᠵᠢᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠨᠥᠯᠥᠭᠡ ᠶᠢᠨ ᠡᠮᠦᠨ᠎ᠡ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠦᠨ ᠰᠡᠷᠭᠦᠭᠡᠬᠦ ᠳᠤ ᠬᠡᠷᠡᠭᠯᠡᠬᠦ ᠭᠠᠵᠠᠷ ᠤᠨ ᠪᠠᠲᠤᠯᠠᠭ᠎ᠠ ᠶᠢᠨ ᠠᠵᠢᠯ ᠢ ᠳᠡᠮᠵᠢᠬᠦ ᠠᠷᠭ᠎ᠠ ᠬᠡᠮᠵᠢᠶ᠎ᠡ ᠶᠢ ᠳᠤᠷᠠᠳᠴᠤ᠂ ᠡᠵᠡᠨ ᠬᠤᠷᠤᠭ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠣᠷᠣᠨ ᠵᠠᠶ ᠶᠢᠨ ᠬᠡᠷᠡᠭᠴᠡᠭᠡ ᠶᠢ ᠵᠠᠬᠢᠷᠤᠨ ᠬᠠᠮᠢᠶᠠᠷᠬᠤ ᠰᠲ᠋ᠣᠺ ᠨᠢ ᠠᠵᠤ ᠠᠬᠤᠶᠢᠯᠠᠯ ᠤᠨ ᠪᠣᠳᠠᠲᠠᠶ ᠬᠡᠷᠡᠭᠴᠡᠭᠡ ᠶᠢ ᠦᠨᠳᠦᠰᠦᠯᠡᠨ 2022 ᠣᠨ ᠤ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠬᠢᠯᠡᠨ ᠬᠠᠮ ᠮᠠᠲ᠋ᠧᠷᠢᠶᠠᠯ ᠴᠤᠭᠯᠠᠭᠤᠯᠬᠤ᠂ ᠬᠤᠷᠢᠶᠠᠩᠭᠤᠶᠢᠯᠠᠬᠤ ᠶᠢᠨ ᠬᠠᠮᠲᠤ ᠬᠠᠮᠢᠶ᠎ᠠ ᠪᠥᠬᠦᠶ ᠡᠯᠧᠮᠧᠨ᠋ᠲ ᠤᠨ ᠱᠠᠭᠠᠷᠳᠠᠯᠭ᠎ᠠ ᠶᠣᠰᠣᠭᠠᠷ ᠲᠣᠰ ᠲᠥᠷᠥᠯ ᠵᠦᠢᠯ ᠤᠨ ᠮᠡᠳᠡᠭᠦᠯᠦᠯᠲᠡ ᠶᠢᠨ ᠠᠭᠤᠯᠭ᠎ᠠ ᠶᠢ ᠲᠡᠭᠦᠯᠳᠡᠷᠵᠢᠭᠦᠯᠪᠡ᠃ 5 ᠠᠵᠢᠯᠯᠠᠬᠤ ᠡᠳᠦᠷ ᠤᠨ ᠴᠠᠭ ᠨᠡᠮᠡᠵᠦ ᠠᠵᠢᠯᠯᠠᠬᠤ ᠪᠠᠷ ᠳᠡᠮᠵᠢᠨ᠂ 2022 ᠣᠨ ᠤ 4 ᠳ᠋ᠣᠭᠡᠷ ᠰᠠᠷ᠎ᠠ ᠶᠢᠨ 2᠎ ᠤᠨ ᠡᠳᠦᠷ ᠤᠨ ᠡᠬᠢ ᠪᠠᠷ ᠳᠠᠭᠤᠰᠬᠠᠵᠤ ᠣᠷᠳᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠪᠡ᠃ ᠲᠥᠷᠥᠯ ᠵᠦᠢᠯ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠬᠢᠨᠠᠨ ᠪᠠᠶᠢᠴᠠᠭᠠᠯᠲᠠ ᠪᠠᠷ ᠳᠡᠮᠵᠢᠨ 2022 ᠣᠨ ᠤ 4 ᠳ᠋ᠣᠬᠡᠷ ᠰᠠᠷ᠎ᠠ ᠶᠢᠨ 21᠎ ᠤ ᠡᠳᠦᠷ ᠣᠷᠳᠣᠰ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠬᠦᠯᠵᠦ᠂ ᠣᠷᠳᠣᠰ ᠬᠤᠲᠠ ᠶᠢᠨ ᠠᠷᠠᠳ ᠤᠨ ᠵᠠᠰᠠᠭ ᠤᠨ ᠤᠷᠳᠤᠨ ᠬᠢᠨᠠᠨ ᠬᠠᠷᠭᠤᠭᠤᠯᠤᠭᠠᠳ 2022 ᠣᠨ ᠤ 5 ᠳ᠋ᠤᠭᠠᠷ ᠰᠠᠷ᠎ᠠ ᠶᠢᠨ 16᠎ ᠤ ᠡᠳᠦᠷ ᠲᠣᠰ ᠲᠥᠷᠥᠯ ᠵᠦᠢᠯ ᠳᠤ ᠬᠡᠷᠡᠭᠯᠡᠬᠦ ᠭᠠᠵᠠᠷ ᠤᠨ ᠲᠤᠬᠠᠶ ᠵᠢᠭᠠᠪᠤᠷᠢ ᠠᠪᠴᠤ᠂ 2022 ᠣᠨ ᠤ 5 ᠳ᠋ᠤᠭᠠᠷ ᠰᠠᠷ᠎ᠠ ᠶᠢᠨ 20᠎ ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ ᠶᠢ ᠤᠯᠪᠠ ︵ᠥᠪᠥᠷ ᠵᠠᠰᠠᠭ ᠭᠠᠵᠠᠷ ᠲᠠᠷᠬᠠᠭᠠᠭᠰᠠᠨ 〔2022〕577 ᠳ᠋ᠤᠭᠠᠷ ᠲᠣᠭᠠᠲᠤ︶᠃     ᠲᠣᠰ ᠲᠥᠷᠥᠯ ᠵᠦᠢᠯ ᠤᠨ ᠴᠣᠬᠤᠯᠠᠪᠤᠷᠢ ᠨᠢ ᠮᠠᠨ ᠤ ᠬᠤᠰᠢᠭᠤᠨ ᠤ ᠣᠷᠣᠨ ᠨᠤᠲᠤᠭ ᠤᠨ ᠠᠵᠤ ᠠᠬᠤᠶ ᠶᠢ ᠬᠥᠭᠵᠢᠭᠦᠯᠬᠦ᠂ ᠣᠷᠣᠨ ᠨᠤᠲᠤᠭ ᠤᠨ ᠠᠵᠢᠯ ᠣᠯᠭᠤᠯᠲᠠ ᠶᠢ ᠡᠭᠦᠳᠬᠦ᠂ ᠠᠭᠤᠷᠬᠠᠶ ᠮᠠᠯᠲᠠᠬᠤ ᠡᠷᠬᠡ ᠶᠢᠨ ᠭᠠᠷ ᠬᠦᠢᠴᠡᠳᠬᠡᠯ ᠤᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠪᠠᠶᠢᠵᠤ᠂ ᠨᠡᠭᠦᠷᠡᠰᠦᠨ ᠤ ᠦᠷᠭᠦᠯᠵᠢᠯᠡᠨ ᠠᠮᠤᠷ ᠲᠦᠪᠰᠢᠨ ᠲᠣᠭᠲᠠᠭᠤᠨ ᠢᠶᠠᠷ ᠬᠠᠩᠭᠠᠬᠤ ᠶᠢ ᠪᠥᠬᠦ ᠬᠦᠴᠦᠨ ᠢᠶᠠᠷ ᠪᠠᠲᠤᠯᠠᠵᠤ᠂ ᠨᠡᠭᠦᠷᠡᠰᠦᠨ ᠤ ᠠᠵᠤ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ᠂ ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠬᠤ᠂ ᠠᠵᠤ ᠠᠬᠤᠶ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠦᠲᠦᠮᠵᠢᠲᠡᠶ ᠠᠬᠢᠭᠤᠯᠪᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号