| 2022 ᠣᠨ ᠤ 7 ᠰᠠᠷ᠎ᠠ ᠶᠢᠨ 5 ᠤ ᠡᠳᠦᠷ ᠠᠴᠠ 7 ᠰᠠᠷ᠎ᠠ ᠶᠢᠨ 7 ᠤ ᠡᠳᠦᠷ ᠪᠣᠯᠲᠠᠯ᠎ᠠ᠂ ᠡᠵᠡᠨ | ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠨ ᠬᠢᠵᠠᠭᠠᠷᠯᠠᠬᠤ ᠲᠥᠪ ᠲᠤᠰᠬᠠᠶ ᠠᠵᠢᠯ ᠤᠨ | ᠳᠤᠭᠤᠶᠢᠯᠠᠩ ᠢ ᠵᠣᠬᠢᠶᠠᠨ ᠪᠠᠶᠢᠭᠤᠯᠵᠤ ᠪᠥᠬᠦ ᠬᠤᠰᠢᠭᠤᠨ ᠤ ᠮᠠᠯ ᠤᠨ ᠡᠮ ᠤᠨ ᠳᠡᠯᠭᠡᠭᠦᠷ ᠤᠨ ᠠᠶᠤᠯᠭᠦᠶ | ᠦᠢᠯᠡᠳᠪᠦᠷᠢᠯᠡᠯ ᠤᠨ ᠠᠵᠢᠯ ᠢ ᠰᠤᠭᠤᠴᠢᠨ ᠪᠠᠶᠢᠴᠠᠭᠠᠪᠠ᠃ ᠲᠣᠰ ᠤᠳᠠᠭᠠᠨ ᠤ ᠪᠠᠶᠢᠴᠠᠭᠠᠯᠲᠠ ᠨᠢ ︽ᠠᠶᠤᠯᠬᠦᠢ | ᠦᠢᠯᠡᠳᠪᠦᠷᠢᠯᠡᠯ ᠤᠨ ᠬᠠᠤᠯᠢ ᠶᠢ ᠵᠢᠷᠤᠮᠯᠠᠨ ᠰᠠᠬᠢᠵᠤ᠂ ᠨᠢᠭᠡᠳᠦᠭᠡᠷ ᠬᠠᠷᠢᠭᠤᠴᠠᠯᠭᠠᠲᠠᠨ ᠪᠣᠯᠬᠤ︾ ᠪᠠᠷ ᠭᠤᠤᠯ | ᠰᠡᠳᠦᠪ ᠪᠣᠯᠭᠠᠵᠤ᠂ ᠮᠠᠯ ᠤᠨ ᠡᠮ ᠡᠵᠡᠩᠨᠡᠬᠦ ᠭᠤᠤᠯ ᠴᠣᠭᠴᠠ ᠶᠢᠨ ᠬᠠᠷᠢᠭᠤᠴᠠᠯᠭ᠎ᠠ ᠲᠠᠢ ᠬᠥᠮᠦᠨ ᠤ ᠠᠮᠤᠷ | ᠲᠦᠪᠰᠢᠨ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠶ ᠪᠣᠯᠭᠠᠬᠤ ᠶᠢ ᠠᠬᠢᠭᠤᠯᠵᠤ᠂ ︽ᠠᠶᠤᠯᠬᠦᠢ | ᠦᠢᠯᠡᠳᠪᠦᠷᠢᠯᠡᠯ ᠤᠨ ᠬᠠᠤᠯᠢ︾ ᠶᠢ ᠬᠢᠨᠠᠮᠠᠭᠠᠶ ᠰᠤᠷᠤᠯᠴᠠᠨ ᠲᠤᠤᠱᠯᠠᠭᠤᠯᠵᠤ᠂ ᠨᠢᠭᠡᠳᠦᠭᠡᠷ ᠬᠠᠷᠢᠭᠤᠴᠠᠯᠭᠠᠳᠠᠨ ᠤ | ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠴᠢᠩᠭᠠᠳᠬᠠᠵᠤ᠂ ᠬᠦᠨᠳᠦ ᠶᠡᠭᠡ | ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠪᠠᠷ ᠵᠣᠷᠢᠯᠭ᠎ᠠ ᠪᠠᠨ ᠪᠣᠯᠭᠠᠵᠠᠶ᠃ | ᠲᠣᠰ ᠤᠳᠠᠭᠠᠨ ᠤ ᠪᠠᠶᠢᠴᠠᠭᠠᠯᠲᠠ ᠳᠤ ᠡᠵᠡᠨ ᠬᠤᠷᠤᠭ᠎ᠠ ᠪᠠᠯᠭᠠᠰᠤ ᠪᠠ ᠵᠠᠰᠠᠭ ᠪᠠᠯᠭᠠᠰᠤ ᠶᠢᠨ 5 ᠮᠠᠯ ᠤᠨ | ᠡᠮ ᠤᠨ ᠳᠡᠯᠭᠡᠭᠦᠷ ᠢ ᠰᠤᠭᠤᠴᠢᠨ ᠪᠠᠶᠢᠴᠠᠭᠠᠵᠤ᠂ ᠲᠡᠭᠦᠨ ᠤ ᠳᠣᠲᠣᠷᠠᠬᠢ ᠨᠢᠭᠡ ᠮᠠᠯ ᠤᠨ ᠡᠮ ᠤᠨ ᠳᠡᠯᠭᠡᠭᠦᠷ ᠤᠨ | ᠪᠠᠶᠢᠴᠠᠭᠠᠯᠲᠠ ᠳᠤ ᠲᠡᠭᠦᠨ ᠳᠤ ᠣᠷᠣᠰᠢᠵᠤ ᠪᠠᠶᠢᠭ᠎ᠠ ᠮᠠᠯ ᠤᠨ ᠡᠮ ᠢ ᠬᠤᠳᠠᠯᠳᠤᠨ ᠠᠪᠴᠤ ᠪᠣᠷᠣᠯᠠᠭᠤᠯᠤᠭᠰᠠᠨ | ᠲᠡᠮᠳᠡᠭᠯᠡᠯ ᠪᠦᠷᠢᠨ ᠪᠤᠰᠤ ᠪᠠᠶᠢᠬᠤ ᠠᠰᠠᠭᠤᠳᠠᠯ ᠢ ᠣᠯᠵᠤ ᠮᠡᠳᠡᠭᠡᠳ᠂ ᠳᠠᠷᠠᠭ᠎ᠠ ᠨᠢ ᠡᠵᠡᠨ ᠬᠤᠷᠤᠭ᠎ᠠ ᠬᠤᠰᠢᠭᠤᠨ ᠤ | ᠲᠠᠷᠢᠶᠠᠯᠠᠩ ᠮᠠᠯ ᠠᠵᠤ ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠣᠪᠴᠢᠶ᠎ᠠ ᠲᠠᠢ | ᠬᠠᠮᠲᠤᠷᠠᠨ ᠲᠣᠰ ᠮᠠᠯ ᠤᠨ ᠡᠮ ᠤᠨ ᠳᠡᠯᠭᠡᠭᠦᠷ ᠢ ᠵᠠᠷᠯᠢᠭᠳᠠᠨ ᠴᠡᠭᠴᠡᠯᠡᠨ ᠰᠠᠶᠢᠵᠢᠷᠠᠭᠤᠯᠬᠤ ᠮᠡᠳᠡᠭᠳᠡᠯ ᠤᠨ ᠪᠢᠴᠢᠭ | ᠪᠠᠭᠤᠯᠭᠠᠵᠤ᠂ 7 ᠡᠳᠦᠷ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠵᠤ ᠳᠠᠭᠤᠰᠬᠠᠬᠤ ᠪᠠᠷ ᠵᠠᠷᠯᠢᠭᠳᠠᠪᠠ᠃ ᠠᠶᠤᠯᠬᠦᠢ | ᠦᠢᠯᠡᠳᠪᠦᠷᠢᠯᠡᠯ ᠳᠤ ᠪᠠᠭ᠎ᠠ ᠶᠠᠪᠤᠳᠠᠯ ᠭᠡᠵᠦ ᠥᠬᠡᠶ᠂ ᠠᠶᠤᠯᠬᠦᠢ ᠦᠢᠯᠡᠳᠪᠦᠷᠢᠯᠡᠯ ᠳᠤ ᠰᠡᠷᠡᠮᠵᠢ ᠶᠢᠨ ᠪᠠᠶᠢᠩᠭᠤ | ᠰᠡᠷᠡᠮᠵᠢᠯᠠᠬᠦᠯᠵᠦ᠂ ᠲᠠᠷᠠᠭᠠᠴᠢ ᠶᠢᠨ ᠠᠯᠬᠤᠮ ᠳᠤ ᠡᠵᠡᠨ ᠬᠤᠷᠤᠭ᠎ᠠ ᠬᠤᠰᠢᠭᠤᠨ ᠤ ᠠᠮᠢᠲᠠᠨ ᠤ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ ᠲᠥᠪ ᠠᠴᠠ ᠬᠠᠷᠢᠶ᠎ᠠ ᠣᠷᠣᠨ ᠤ ᠠᠮᠢᠲᠠᠨ ᠤ ᠬᠢᠵᠢᠭ ᠰᠡᠷᠭᠡᠶᠢᠯᠡᠬᠦ ᠬᠢᠵᠢᠭ ᠪᠠᠶᠢᠴᠠᠭᠠᠬᠤ ᠵᠢᠴᠢ | ᠮᠠᠯ ᠤᠨ ᠡᠮ ᠪᠣᠷᠣᠯᠠᠭᠤᠯᠬᠤ ᠬᠦᠷᠢᠶᠡᠨ ᠳᠤ ᠦᠷᠭᠦᠯᠵᠢᠯᠡᠨ ᠰᠡᠷᠡᠮᠵᠢ ᠶᠢᠨ ᠳᠣᠬᠢᠶ᠎ᠠ ᠥᠭᠭᠦᠨ᠎ᠡ᠃ |