ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠲᠠᠷᠢᠶᠠᠨ ᠭᠠᠵᠠᠷ ᠤᠨ ᠶᠠᠰᠤ ᠴᠢᠨᠠᠷ ᠤᠨ ᠪᠠᠶᠢᠷᠢ ᠲᠣᠭᠲᠠᠭᠠᠯᠲᠠ ᠶᠢ ᠬᠢᠨᠠᠨ ᠬᠡᠮᠵᠢᠬᠦ ᠴᠡᠭ ᠤᠨ ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠨ ᠬᠠᠮᠠᠭᠠᠯᠠᠬᠤ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2022/7/28
     ᠡᠵᠡᠨ ᠬᠤᠷᠤᠭ᠎ᠠ ᠬᠤᠰᠢᠭᠤᠨ ᠤ ᠲᠠᠷᠢᠶᠠᠨ ᠭᠠᠵᠠᠷ ᠤᠨ ᠶᠠᠰᠤ ᠴᠢᠨᠠᠷ ᠢ ᠬᠢᠨᠠᠨ ᠬᠡᠮᠵᠢᠬᠦ ᠴᠡᠭ ᠤᠨ ᠪᠠᠶᠢᠭᠤᠯᠤᠯᠲᠠ ᠪᠠ ᠬᠠᠮᠢᠶᠠᠷᠤᠯᠲᠠ ᠬᠠᠮᠠᠭᠠᠯᠠᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠢᠨᠠᠨ ᠬᠡᠮᠵᠢᠬᠦ ᠰᠦᠯᠵᠢᠶᠡᠨ ᠤ ᠰᠢᠰᠲ᠋ᠧᠮ ᠢ ᠪᠦᠷᠢᠨᠰᠢᠬᠦᠯᠬᠦ ᠶᠢᠨ ᠲᠥᠯᠥᠭᠡ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠤᠨ ᠠᠵᠢᠯᠲᠠᠨ ᠬᠤᠨᠢᠴᠢᠨ ᠭᠤᠤᠯ ᠪᠠᠯᠭᠠᠰᠤᠨ ᠤ ᠠᠳᠤᠤᠬᠠᠢ ᠲᠣᠰᠬᠤᠨ ᠪᠠ ᠴᠡᠬᠡᠨ ᠨᠠᠭᠤᠷ ᠲᠣᠰᠬᠤᠨ ᠤ ᠲᠠᠷᠢᠶᠠᠨ ᠭᠠᠵᠠᠷ ᠤᠨ ᠶᠠᠰᠤ ᠴᠢᠨᠠᠷ ᠤᠨ ᠣᠷᠳᠣ ᠬᠤᠭᠤᠴᠠᠭᠠᠨ ᠤ ᠪᠠᠶᠢᠷᠢ ᠲᠣᠭᠲᠠᠭᠠᠯᠲᠠ ᠶᠢ ᠬᠢᠨᠠᠨ ᠬᠡᠮᠵᠢᠬᠦ ᠵᠢᠱᠢᠶ᠎ᠡ ᠦᠵᠡᠭᠦᠯᠬᠦ ᠲᠣᠭᠤᠷᠢᠭ ᠲᠤ ᠬᠦᠷᠴᠦ ᠬᠢᠨᠠᠨ ᠬᠡᠮᠵᠢᠬᠦ ᠴᠡᠭ ᠤᠨ ᠢᠯᠡᠳᠬᠡᠮᠵᠢ ᠫᠠᠶᠢᠰᠠ ᠶᠢ ᠤᠭᠰᠠᠷᠠᠪᠠ᠃      ᠲᠣᠰ ᠤᠳᠠᠭ᠎ᠠ ᠪᠠᠶᠢᠭᠤᠯᠤᠭᠰᠠᠨ ᠲᠠᠷᠢᠶᠠᠨ ᠭᠠᠵᠠᠷ ᠤᠨ ᠬᠢᠨᠠᠨ ᠬᠡᠮᠵᠢᠯᠲᠡ ᠶᠢᠨ ᠵᠢᠷᠤᠮᠵᠢᠭᠤᠯᠤᠭᠰᠠᠨ ᠵᠢᠵᠢᠭ ᠲᠣᠭᠤᠷᠢᠭ ᠤᠨ ᠪᠥᠲᠥᠭᠡᠨ ᠪᠠᠶᠢᠭᠤᠯᠤᠯᠲᠠ ᠳᠤ ᠨᠡᠶᠢᠲᠡ 7 ᠵᠢᠵᠢᠭ ᠲᠣᠭᠤᠷᠢᠭ ᠪᠠᠭᠲᠠᠨ᠎ᠠ᠂ ᠲᠣᠰ ᠲᠣᠰ ᠵᠢᠯ ᠲᠤᠷᠰᠢ ᠪᠣᠷᠲᠣᠭᠤᠷ ᠥᠬᠡᠶ ᠣᠷᠣᠨ᠂ ᠵᠢᠯ ᠲᠤᠷᠰᠢ ᠪᠣᠷᠲᠣᠭᠤᠷ ᠣᠷᠣᠭᠤᠯᠬᠤ + ᠡᠰᠢ ᠰᠦᠷᠡᠯ ᠢ ᠲᠠᠷᠢᠶᠠᠨ ᠳᠤ ᠪᠤᠴᠠᠭᠠᠬᠤ᠂ ᠵᠢᠯ ᠲᠤᠷᠰᠢ ᠪᠣᠷᠲᠣᠭᠤᠷ ᠣᠷᠣᠭᠤᠯᠬᠤ + ᠣᠷᠭᠠᠨᠢᠭ ᠪᠣᠷᠲᠣᠭᠤᠷ ᠣᠷᠣᠭᠤᠯᠬᠤ᠂ ᠲᠣᠰ ᠤᠯᠠᠷᠢᠯ ᠳᠤ ᠪᠣᠷᠲᠣᠭᠤᠷ ᠣᠷᠣᠭᠤᠯᠬᠤ ᠥᠬᠡᠶ᠂ ᠲᠣᠰ ᠤᠯᠠᠷᠢᠯ ᠳᠤ ᠪᠣᠷᠲᠣᠭᠤᠷ ᠣᠷᠣᠭᠤᠯᠬᠤ ᠥᠬᠡᠶ ᠡᠭᠡᠯᠵᠢᠯᠡᠨ ᠰᠣᠯᠢᠬᠤ 1᠂ ᠲᠣᠰ ᠤᠯᠠᠷᠢᠯ ᠳᠤ ᠪᠣᠷᠲᠣᠭᠤᠷ ᠣᠷᠣᠭᠤᠯᠬᠤ ᠥᠬᠡᠶ ᠡᠭᠡᠯᠵᠢᠯᠡᠨ ᠰᠣᠯᠢᠬᠤ 2᠂ ᠡᠩ ᠤᠨ ᠪᠣᠷᠲᠣᠭᠤᠷ ᠣᠷᠣᠭᠤᠯᠬᠤ ᠣᠷᠣᠨ ᠵᠡᠷᠭᠡ ᠵᠢᠵᠢᠭ ᠲᠣᠭᠤᠷᠢᠭ ᠨᠢᠭᠡᠪᠦᠷᠢ ᠶᠢᠨ ᠲᠠᠯᠠᠪᠠᠶ ᠶᠢ 0 . 5 ᠮᠥ ᠠᠴᠠ ᠳᠤᠤᠷ᠎ᠠ ᠪᠠᠶᠢᠯᠭᠠᠵᠤ ᠪᠣᠯᠬᠤ ᠥᠬᠡᠶ᠃ ᠲᠠᠷᠢᠶᠠᠨ ᠭᠠᠵᠠᠷ ᠤᠨ ᠲᠤᠷᠰᠢᠯᠲᠠ ᠶᠢᠨ ᠬᠠᠷᠢᠴᠠᠭᠤᠯᠤᠯ ᠢᠶᠠᠷ ᠳᠡᠮᠵᠢᠨ᠂ ᠬᠥᠷᠥᠰᠥᠨ ᠤ ᠬᠦᠨᠳᠦ ᠲᠡᠮᠦᠷᠯᠢᠭ ᠤᠨ ᠠᠭᠤᠯᠤᠭᠳᠠᠴᠠ ᠵᠢᠴᠢ ᠵᠢᠵᠢᠭ ᠲᠣᠭᠤᠷᠢᠭ ᠪᠦᠷᠢ ᠶᠢᠨ ᠲᠠᠷᠢᠮᠠᠯ ᠤᠨ ᠬᠤᠷᠢᠶᠠᠯᠲᠠ ᠶᠢᠨ ᠦᠷ᠎ᠡ ᠠᠰᠢᠭ ᠢ ᠬᠢᠨᠠᠨ ᠬᠡᠮᠵᠢᠵᠦ᠂ ᠪᠣᠷᠲᠣᠭᠤᠷ ᠢ ᠵᠦᠶ ᠵᠣᠬᠢᠰᠲᠠᠶ ᠬᠡᠷᠡᠭᠯᠡᠬᠦ ᠶᠢ ᠰᠢᠨᠵᠢᠯᠡᠬᠦ ᠤᠬᠠᠭᠠᠨᠴᠢ ᠪᠠᠷ ᠵᠢᠯᠣᠭᠤᠳᠴᠤ ᠂ ᠪᠣᠷᠲᠣᠭᠤᠷ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠲᠠᠷᠢᠶᠠᠯᠠᠩ ᠤᠨ ᠳᠣᠲᠣᠭᠠᠳᠤ ᠢᠷᠡᠯᠲᠡ ᠶᠢᠨ ᠴᠢᠨᠠᠷᠲᠠᠶ ᠪᠣᠬᠢᠷᠲᠤᠯ ᠢ ᠪᠠᠭᠠᠰᠬᠠᠨ᠎ᠠ᠃ ᠲᠠᠷᠠᠭᠠᠴᠢ ᠶᠢᠨ ᠠᠯᠬᠤᠮ ᠳᠤ᠂ ᠡᠵᠡᠨ ᠬᠤᠷᠤᠭ᠎ᠠ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠮᠡᠷᠭᠡᠵᠢᠯ ᠢ ᠳᠡᠯᠭᠡᠷᠡᠭᠦᠯᠬᠦ ᠲᠥᠪ ᠨᠢ ᠬᠥᠷᠥᠰᠥ ᠰᠢᠷᠣᠶ ᠶᠢ ᠰᠢᠨᠵᠢᠵᠦ ᠨᠠᠶᠢᠷᠠᠯᠭ᠎ᠠ ᠲᠠᠢ ᠪᠣᠷᠲᠣᠭᠤᠷ ᠣᠷᠣᠭᠤᠯᠬᠤ ᠮᠡᠷᠭᠡᠵᠢᠯ ᠢ ᠦᠷᠭᠦᠯᠵᠢᠯᠡᠨ ᠲᠦᠭᠡᠮᠡᠯᠵᠢᠭᠦᠯᠬᠦ ᠪᠠ ᠭᠦᠨᠵᠡᠭᠡᠶᠢᠷᠡᠭᠦᠯᠵᠦ᠂ ᠪᠣᠷᠲᠣᠭᠤᠷ ᠣᠷᠣᠭᠤᠯᠬᠤ ᠠᠷᠭ᠎ᠠ ᠬᠡᠯᠪᠡᠷᠢ ᠶᠢ ᠵᠢᠯᠣᠭᠤᠳᠤᠨ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠣᠷᠭᠠᠨᠢᠭ ᠪᠣᠷᠲᠣᠭᠤᠷ᠂ ᠠᠮᠢᠳᠤ ᠪᠣᠳᠠᠰ ᠤᠨ ᠪᠣᠷᠲᠣᠭᠤᠷ ᠪᠠ ᠡᠰᠢ ᠰᠦᠷᠡᠯ ᠢ ᠲᠠᠷᠢᠶᠠᠨ ᠳᠤ ᠣᠷᠣᠭᠤᠯᠬᠤ ᠶᠢ ᠵᠣᠷᠢᠭᠵᠢᠭᠤᠯᠵᠤ ᠂ ᠬᠥᠷᠥᠰᠥ ᠰᠢᠷᠣᠶ ᠶᠢᠨ ᠮᠢᠺᠷᠣᠪ ᠤᠨ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠵᠤ᠂ ᠲᠠᠷᠢᠶᠠᠨ ᠭᠠᠵᠠᠷ ᠤᠨ ᠶᠠᠰᠤ ᠴᠢᠨᠠᠷ ᠢ ᠲᠣᠭᠲᠠᠭᠤᠨ ᠢᠶᠠᠷ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠭᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号